ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/9
      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ 2025 ᠣᠨ ᠤ 1 ᠰᠠᠷ᠎ᠠ ᠶᠢᠨ 8 ᠤ ᠡᠳᠦᠷ ᠪᠠᠶᠠᠨᠲᠣᠬᠤᠶ ᠪᠠᠯᠭᠠᠰᠤᠨ ᠳᠤ ᠠᠮᠵᠢᠯᠲᠠ ᠲᠠᠢ ᠬᠤᠷᠠᠯᠳᠤᠪᠠ᠃      ᠲᠤᠰ ᠤᠳᠠᠭᠠᠨ ᠤ ᠶᠡᠭᠡ ᠬᠤᠷᠠᠯ ᠳᠤ ᠤᠷᠤᠯᠴᠠᠭᠰᠠᠳ 41 ᠨᠡᠷ᠎ᠡ᠂ ᠰᠤᠯᠠ ᠤᠷᠤᠯᠴᠠᠭᠰᠠᠳ 17 ᠨᠡᠷ᠎ᠡ ᠪᠠᠶᠢᠪᠠ᠃ ᠶᠡᠭᠡ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠨᠥᠬᠦᠷ ᠡᠷᠬᠢᠯᠡᠪᠡ᠃      ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠵᠢᠯ ᠢ ᠳ᠋ᠦᠩᠨᠡᠵᠦ᠂ 2025 ᠣᠨ ᠤ ᠭᠤᠣᠯ ᠡᠭᠦᠷᠭᠡ ᠶᠢ ᠪᠠᠶᠢᠷᠢᠯᠠᠭᠤᠯᠪᠠ᠃ ᠶᠡᠭᠡ ᠬᠤᠷᠠᠯ ᠠᠴᠠ ᠯᠢᠦ ᠶᠠᠨ ᠫᠧᠩ ᠨᠥᠬᠦᠷ ᠤᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠬᠢᠭᠰᠡᠨ ︽ᠦᠨᠡᠨᠴᠢ ᠰᠢᠳᠤᠷᠭᠤ ᠪᠠᠷ ᠬᠡᠷᠡᠭᠵᠢᠭᠦᠯᠵᠦ ᠬᠤᠶᠢᠷᠭᠤᠰᠢᠬᠤ ᠦᠭᠡᠢ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ ᠬᠦᠴᠢᠷ ᠢ ᠲᠤᠭᠤᠯᠤᠨ ᠪᠣᠳᠠᠲᠠᠢ ᠶᠢ ᠡᠷᠬᠢᠮᠯᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠲᠦᠷᠢ ᠪᠠᠶᠢᠳᠠᠯ ᠢᠶᠠᠷ ᠬᠦᠴᠦ ᠪᠠᠨ ᠬᠠᠮᠲᠤᠳᠬᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠲᠤᠬᠤᠢ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠪᠠ᠃      ᠶᠡᠭᠡ ᠬᠤᠷᠠᠯ ᠠᠴᠠ ᠨᠢᠭᠡ ᠵᠢᠯ ᠤᠨ ᠲᠤᠷᠰᠢᠬᠢ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠬᠤᠷᠠᠯ ᠠᠴᠠ᠂ ᠢᠯᠡᠳᠬᠡᠯ ᠳᠤ ᠪᠠᠯᠭᠠᠰᠤᠨ ᠤ ᠨᠠᠮ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠤᠨ ᠳ᠋ᠦᠩᠨᠡᠯᠲᠡ ᠨᠢ ᠪᠤᠰᠤᠳᠴᠢ ᠪᠥᠭᠡᠳ ᠪᠦᠬᠦ ᠲᠠᠯ᠎ᠠ ᠶᠢᠨ ᠪᠠᠶᠢᠵᠤ᠂ ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠥᠯᠦᠪᠵᠢᠭᠦᠯᠭᠡ ᠲᠣᠳᠣᠷᠬᠠᠢ᠂ ᠬᠠᠷᠠᠯᠲᠠ ᠲᠣᠳᠣᠷᠬᠠᠢ᠂ ᠡᠭᠦᠷᠭᠡ ᠪᠣᠳᠠᠲᠠᠢ ᠪᠠᠶᠢᠨ᠎ᠠ᠃ 2024 ᠣᠨ ᠳᠤ᠂ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠪᠣᠳᠠᠲᠠᠢ ᠠᠵᠢᠯᠯᠠᠬᠤ ᠳᠤᠮᠳᠠ ᠨᠠᠮ ᠤᠨ ᠪᠠᠶᠢᠭᠤᠯᠤᠯᠲᠠ᠂ ᠪᠠᠬᠢᠵᠢᠭᠦᠯᠵᠦ ᠵᠣᠯᠭᠠᠭᠤᠯᠬᠤ᠂ ᠪᠣᠬᠢᠷᠲᠤᠯ ᠦᠭᠡᠢ ᠬᠥᠭᠵᠢᠭᠦᠯᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠ ᠬᠥᠳᠡᠭᠡ ᠶᠢ ᠠᠭᠤᠰᠤᠯᠴᠠᠭᠤᠯᠬᠤ᠂ ᠠᠮᠢ ᠠᠬᠤᠢ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠵᠡᠷᠭᠡ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠪᠠ᠃ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠴᠢᠭᠯᠡᠯ ᠢ ᠲᠣᠳᠣᠷᠬᠠᠶᠢᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ︔ ᠬᠥᠳᠡᠭᠡ ᠠᠵᠤ ᠠᠬᠤᠢ ᠶᠢ ᠬᠥᠭᠵᠢᠭᠦᠯᠵᠦ᠂ ᠦᠷ᠎ᠡ ᠪᠦᠲᠦᠮᠵᠢ ᠶᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠦᠷᠭᠦᠯᠵᠢᠯᠡᠨ ᠤᠷᠤᠭᠰᠢᠯᠠᠭᠤᠯᠪᠠ︔ ᠦᠢᠯᠡᠴᠢᠯᠡᠭᠡ ᠶᠢ ᠰᠢᠯᠢᠳᠡᠭᠵᠢᠭᠦᠯᠵᠦ᠂ ᠠᠭᠤᠰᠤᠯᠴᠠᠯ ᠢ ᠴᠢᠩᠭᠠᠳᠬᠠᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠪᠠᠬᠢᠵᠢᠭᠦᠯᠪᠡ︔ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ︔ ᠲᠦᠭᠵᠢᠷᠡᠯ ᠢ ᠨᠡᠪᠲᠡᠷᠡᠭᠦᠯᠵᠦ᠂ ᠬᠦᠴᠢᠷᠳᠡᠯ ᠢ ᠰᠢᠢᠳᠪᠦᠷᠢᠯᠡᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ︔ ᠦᠨᠳᠦᠰᠦᠨ ᠵᠦᠢᠯ ᠢ ᠪᠠᠲᠤᠯᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠯᠠᠨ ᠤ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ︔ ᠲᠥᠪ ᠰᠤᠷᠲᠠᠯ ᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃      ᠶᠡᠭᠡ ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠪᠣᠯᠤᠨ᠎ᠠ᠃ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠱᠤᠭᠤᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ ᠳᠤᠮᠳᠠᠳᠤ ᠵᠤᠭᠠᠴᠠᠯ ᠳᠤ ᠣᠷᠣᠬᠤ︾ ᠬᠠᠷᠠᠯᠲᠠ ᠡᠭᠦᠷᠭᠡ ᠪᠣᠯᠤᠨ ᠦᠬᠠᠢ ᠬᠤᠳᠠ᠂ ᠬᠠᠶᠢᠨᠠᠨ ᠲᠣᠭᠤᠷᠢᠭ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠶᠠᠨᠲᠤᠬᠤᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠡᠢ᠃      ᠶᠡᠭᠡ ᠬᠤᠷᠠᠯ ᠠᠴᠠ᠂ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠂ ᠨᠢᠭᠡ ᠳᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠄ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠤᠨᠴᠠᠯᠢᠬᠳᠤ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠰᠠᠨᠠᠭᠠᠴᠢᠯᠠᠭ᠎ᠠ ᠠᠴᠠ ᠪᠠᠨ ᠲᠣᠰᠬᠤᠨ ᠤ ᠬᠠᠮᠲᠤ ᠶᠢᠨ ᠠᠵᠤ ᠠᠬᠤᠢ ᠪᠣᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ︽ᠬᠤᠶᠠᠷ ᠠᠭᠤᠯᠠ︾ ᠶᠢ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠦᠭᠡᠢ ᠰᠠᠭᠤᠷᠢ ᠶᠢ ᠪᠠᠬᠢᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠄ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠠᠳᠬᠤᠨ᠎ᠠ᠃ ᠭᠤᠷᠪᠠ ᠳᠤ᠂ ᠵᠠᠰᠠᠬᠤ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠄ ᠠᠮᠤᠷ ᠠᠮᠤᠭᠤᠯᠠᠩ ᠪᠠᠶᠠᠨᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ ᠭᠤᠤᠯ ᠱᠤᠭᠤᠮ ᠲᠠᠢ ᠨᠢᠭᠲᠠ ᠤᠶᠠᠯᠳᠤᠭᠤᠯᠤᠨ᠂ ᠪᠣᠳᠠᠰ ᠪᠠ ᠣᠶᠤᠨ ᠤ ᠪᠣᠯᠪᠠᠰᠤᠨ ᠢ ᠵᠡᠷᠭᠡ ᠪᠠᠷ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠲᠦᠷᠪᠡ ᠳᠤ᠂ ᠠᠭᠤᠰᠤᠯᠴᠠᠨ ᠬᠥᠭᠵᠢᠬᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠄ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠪᠦᠳᠦᠭᠡᠨ ᠪᠠᠶᠢᠭᠤᠯᠤᠯᠲᠠ ᠶᠢ ᠴᠣᠭᠴᠠᠯᠠᠵᠤ᠂ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠦᠨ᠎ᠡ᠃ ᠲᠠᠪᠤ ᠳᠤ᠂ ᠠᠷᠠᠳ ᠤᠨ ᠠᠮᠢᠳᠤᠷᠠᠯ ᠤᠨ ᠦᠢᠯᠡᠰ ᠢ ᠠᠬᠢᠭᠤᠯᠵᠤ᠂ ᠬᠥᠭᠵᠢᠯᠲᠡ ᠶᠢᠨ ᠠᠰᠢᠭ ᠲᠤᠰᠠ ᠶᠢ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ ᠲᠠᠯ᠎ᠠ ᠪᠠᠷ ᠪᠠᠬᠢᠵᠢᠭᠦᠯᠦᠨ ᠥᠷᠭᠡᠳᠬᠡᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃      ᠶᠡᠭᠡ ᠬᠤᠷᠠᠯ ᠠᠴᠠ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠶᠡᠭᠡ ᠬᠤᠷᠠᠯ ᠠᠴᠠ᠂ ᠪᠦᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠶᠢᠨ ᠪᠦᠷᠢᠶ᠎ᠡ ᠶᠢ ᠳᠠᠭᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠶᠤᠬᠤ ᠦᠭᠡᠢ ᠰᠡᠳᠬᠢᠯᠭᠡ᠂ ᠴᠥᠬᠦᠷᠡᠰᠢ ᠦᠭᠡᠢ ᠵᠣᠷᠢᠭ᠂ ᠡᠷᠡᠯᠬᠡᠭ ᠪᠠᠭᠠᠲᠤᠷᠯᠢᠭ ᠬᠦᠴᠦᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ᠰᠢᠯᠭᠠᠯᠲᠠ ᠳᠤ ᠣᠷᠣᠯᠴᠠᠬᠤ ᠵᠠᠮ︾ ᠢ ᠯᠠᠪᠳᠠᠭᠤᠨ ᠪᠠᠲᠤᠲᠠᠢ ᠭᠦᠨᠵᠡᠭᠡᠢ ᠬᠢᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号