ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 1 ᠰᠠᠷ᠎ᠠ ᠶᠢᠨ | 7 ᠤ ᠡᠳᠦᠷ᠂ ᠭᠦᠬᠤᠰᠣ ᠪᠠᠯᠭᠠᠰᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ | 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠷᠠᠯ ᠠᠴᠠ ︽ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠭᠦᠬᠤᠰᠣ ᠪᠠᠯᠭᠠᠰᠤᠨ ᠤ 2024 | ᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ | ᠵᠠᠬᠢᠳᠠᠯ ᠰᠣᠷᠪᠤᠯᠵᠢᠯᠠᠭ᠎ᠠ ᠶᠢᠨ ᠠᠵᠢᠯᠲᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠳᠠᠷᠠᠭᠠᠴᠢ ᠶᠢᠨ | ᠠᠯᠬᠤᠮ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠵᠢᠯ ᠤᠨ ᠡᠴᠦᠰ ᠵᠢᠯ ᠤᠨ ᠡᠬᠢᠨ ᠪᠣᠯ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠵᠠᠩᠭᠢᠯᠠᠭ᠎ᠠ ᠶᠢᠨ ᠴᠠᠭ ᠦᠶ᠎ᠡ ᠪᠣᠯᠣᠨ᠎ᠠ᠂ ᠤᠯᠠᠨ ᠢᠶᠠᠷ ᠢᠶᠠᠨ ᠣᠳᠣᠬᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ | ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ | ᠠᠵᠢᠯᠯᠠᠵᠤ᠂ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ ᠶᠢ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠭᠠᠷᠳᠠᠴᠠ ᠪᠣᠯᠭᠠᠵᠤ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠲᠣᠬᠢᠲᠠᠢ ᠰᠢᠢᠳᠪᠦᠷᠢᠯᠡᠵᠦ᠂ | ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠬᠤ ᠪᠠᠷ | ᠴᠢᠷᠮᠠᠶᠢᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠲᠥᠷᠥᠯ ᠤᠨ ᠵᠥᠷᠢᠴᠡᠯ ᠤᠨ ᠳᠠᠯᠳᠠ ᠬᠡᠮ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃ ᠶᠠᠭ ᠥᠷᠨᠢᠭᠦᠯᠵᠦ ᠪᠠᠶᠢᠭ᠎ᠠ ︽ᠵᠥᠷᠢᠴᠡᠯ ᠵᠢᠭᠤᠷᠠᠯᠳᠤᠭᠠᠨ ᠢ | ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ ᠲᠤᠰᠬᠠᠶ ᠵᠠᠰᠠᠯᠲᠠ ᠶᠢᠨ ᠠᠵᠢᠯ ᠲᠠᠢ | ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭᠠᠯᠠᠯ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠭᠠᠵᠠᠷ ᠲᠠᠲᠠᠪᠤᠷᠢᠯᠠᠨ | ᠨᠤᠷᠠᠭᠠᠵᠤ ᠨᠡᠭᠦᠯᠭᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠬᠡᠷᠡᠭ ᠢ ᠳᠠᠭᠠᠭᠠᠴᠢᠯᠠᠨ ᠤᠳᠤᠷᠢᠳᠬᠤ᠂ ᠨᠡᠶᠢᠭᠡᠮ ᠲᠣᠭᠤᠷᠢᠭ ᠤᠨ | ᠬᠠᠷᠢᠭᠤᠴᠠᠯᠭᠠᠲᠠᠨ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠵᠥᠷᠢᠴᠡᠯ ᠢ ᠡᠷᠲᠡ ᠨᠠᠮᠳᠠᠭᠤᠯᠵᠤ᠂ ᠪᠠᠭ᠎ᠠ | ᠳᠡᠭᠡᠷ᠎ᠡ ᠨᠢ ᠠᠷᠢᠯᠭᠠᠬᠤ ᠶᠢ ᠪᠡᠶᠡᠯᠡᠭᠦᠯᠪᠡ᠃ ᠬᠤᠶᠠᠷ ᠲᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ | ᠪᠦᠲᠦᠮᠵᠢᠲᠡᠢ ᠰᠢᠢᠳᠪᠦᠷᠢᠯᠡᠬᠦ ᠠᠵᠢᠯ ᠢ ᠰᠠᠶᠢᠲᠤᠷ ᠬᠢᠪᠡ᠃ ︽ᠤᠳᠠᠭᠠᠰᠢᠷᠠᠭᠤᠯᠬᠤ ᠦᠭᠡᠢ᠂ ᠲᠦᠯᠬᠢᠬᠦ ᠦᠭᠡᠢ᠂ | ᠬᠦᠯᠢᠶᠡᠬᠦ ᠦᠭᠡᠢ︾ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠯᠠᠨ ᠲᠦᠮᠡᠨ ᠤ | ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠶᠢ ᠲᠡᠷᠡ ᠳᠠᠷᠤᠢ ᠳᠤᠨᠢ ᠬᠦᠯᠢᠶᠡᠨ ᠠᠪᠴᠤ᠂ ᠲᠡᠷᠡ | ᠳᠠᠷᠤᠢ ᠳᠤᠨᠢ ᠬᠢᠨᠠᠨ ᠪᠠᠶᠢᠴᠠᠭᠠᠵᠤ᠂ ᠲᠡᠷᠡ ᠳᠠᠷᠤᠢ ᠳᠤᠨᠢ ᠬᠠᠷᠢᠭᠤᠯᠲᠠ ᠥᠭᠴᠦ᠂ ᠲᠦᠷᠦ ᠶᠢᠨ ᠪᠤᠳᠤᠯᠭ᠎ᠠ ᠶᠢ | ᠲᠠᠶᠢᠯᠪᠤᠷᠢᠯᠠᠬᠤ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠠᠵᠢᠯ ᠢ ᠬᠦᠯᠢᠴᠡᠩᠭᠦᠢ ᠨᠠᠷᠢᠨ ᠨᠢᠮᠪᠠᠢ | ᠰᠠᠶᠢᠲᠤᠷ ᠬᠢᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠨ᠎ᠠ᠃ ᠭᠤᠷᠪᠠ ᠳᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠭᠦᠨᠵᠡᠭᠡᠶ ᠠᠬᠢᠭᠤᠯᠤᠨ᠎ᠠ᠃ ︽ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠬᠢᠨᠠᠮᠠᠭᠠᠶ ᠳᠡᠩᠰᠡᠯᠡᠨ ᠲᠡᠮᠳᠡᠭᠯᠡᠵᠦ᠂ ᠨᠠᠷᠢᠯᠢᠭ ᠣᠨᠣᠴᠠᠲᠠᠶ ᠪᠠᠷ ᠰᠠᠯᠭᠠᠨ | ᠲᠣᠬᠢᠷᠠᠭᠤᠯᠬᠤ᠂ ᠨᠠᠷᠢᠯᠢᠭ ᠣᠨᠣᠴᠠᠲᠠᠶ ᠪᠠᠷ ᠰᠢᠯᠵᠢᠭᠦᠯᠦᠨ ᠰᠢᠢᠳᠪᠦᠷᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠳᠤ | ᠮᠡᠳᠡᠭᠳᠡᠬᠦ ᠪᠢᠴᠢᠭ ᠭᠠᠷᠭᠠᠬᠤ ᠶᠢ ᠴᠠᠭ ᠲᠤᠬᠠᠶ ᠳᠤᠨᠢ ᠵᠢᠷᠤᠮᠵᠢᠭᠤᠯᠤᠨ᠂ ᠲᠠᠰ ᠳᠠᠷᠠᠭᠠᠯᠠᠯ ᠤᠨ ᠠᠷᠭ᠎ᠠ ᠵᠠᠮ᠂ | ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ᠂ ᠰᠢᠢᠳᠪᠦᠷᠢᠯᠡᠬᠦ ᠬᠤᠭᠤᠴᠠᠭ᠎ᠠ ᠬᠢᠵᠠᠭᠠᠷ ᠵᠡᠷᠭᠡ ᠶᠢ ᠲᠣᠳᠣᠷᠬᠠᠶ | ᠶᠠᠷᠢᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠤᠰᠬᠠᠨ᠎ᠠ᠃ ᠲᠦᠷᠪᠡ ᠳᠤ᠂ ᠨᠡᠶᠢᠭᠡᠮ ᠤᠨ | ᠠᠪᠤᠷᠠᠨ ᠲᠤᠰᠠᠯᠠᠬᠤ ᠪᠠ ᠬᠠᠪᠰᠤᠷᠤᠨ ᠲᠡᠳᠬᠦᠬᠦ ᠶᠢ ᠴᠢᠩᠭᠠᠳᠬᠠᠪᠠ᠃ ᠬᠠᠷᠢᠶᠠᠲᠤ ᠣᠷᠣᠨ ᠤ ᠠᠮᠢᠳᠤᠷᠠᠯ | ᠬᠦᠴᠢᠷᠳᠡᠯᠲᠡᠶ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠳᠤ ᠵᠢᠯ ᠤᠨ ᠡᠴᠦᠰ ᠤᠨ ᠡᠷᠬᠢᠨ ᠦᠵᠡᠵᠦ | ᠲᠣᠬᠤᠨᠢᠭᠤᠯᠬᠤ ᠲᠠᠢ ᠤᠶᠠᠯᠳᠤᠭᠤᠯᠤᠨ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠡᠷᠭᠡ ᠬᠦᠴᠦᠨ ᠢ ᠢᠳᠡᠪᠬᠢᠲᠡᠶ | ᠵᠣᠬᠢᠴᠠᠭᠤᠯᠵᠤ᠂ ᠴᠢᠬᠤᠯᠠ ᠪᠥᠬᠦᠶ ᠠᠮᠢᠳᠤᠷᠠᠯ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠬᠠᠩᠭᠠᠵᠤ᠂ ᠲᠡᠳᠡᠨ ᠳᠤ | ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠮᠡᠳᠡᠷᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢᠲᠠᠶ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ | ᠬᠡᠷᠡᠭᠲᠡᠶ ᠭᠡᠵᠡᠢ᠃ |