ᠯᠢᠦ ᠪᠦᠦ ᠴᠧᠩ ᠬᠠᠶᠢᠨᠠᠨ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/10
      2 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠠᠶᠢᠨᠠᠨ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠯᠢᠦ ᠪᠦᠦ ᠴᠧᠩ ᠨᠠᠷ ᠤᠷᠢᠳ ᠬᠤᠵᠢᠳ ᠦᠬᠠᠢ ᠶᠢᠨ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠬᠤᠩ ᠶᠠᠩ ᠬᠡᠦᠷᠰᠢᠭᠦᠯᠬᠦ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠯᠢᠦᠢ ᠪᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠷᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠦᠬᠠᠢ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠢ ᠶᠢᠨ ᠾᠧᠢ ᠮᠣᠣ ᠨᠡᠭᠦᠷᠡᠰᠦᠨ ᠬᠠᠷ᠎ᠠ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠭ᠎ᠠ᠂ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠬᠡᠷᠡᠭᠴᠡᠭᠡ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠳᠬᠤᠵᠤ᠂ ᠠᠵᠤ ᠠᠬᠤᠢ ᠶᠢ ᠲᠡᠮᠡᠴᠡᠨ᠂ ᠡᠬᠢᠯᠡᠯᠲᠡ ᠶᠢ ᠠᠮᠵᠢᠵᠤ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠠᠷ ᠰᠢᠪᠲᠤᠯᠤᠯᠲᠠ ᠬᠢᠬᠦ ᠲᠡᠮᠡᠴᠡᠯ ᠤᠨ ᠳᠦᠷᠰᠦ ᠪᠠᠶᠢᠳᠠᠯ ᠢᠶᠠᠷ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠢᠭᠡᠳᠦᠭᠡᠷ ᠤᠯᠠᠷᠢᠯ ᠳᠤ ︽ᠡᠭᠦᠳᠡ ᠪᠠᠨ ᠨᠡᠭᠡᠭᠡᠵᠦ ᠲᠣᠭᠲᠠᠭᠤᠨ᠂ ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠠᠳᠬᠤᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠵᠦ᠂ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠦᠢᠯᠡᠳᠪᠦᠷᠢᠯᠡᠯ ᠤᠨ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃      ᠪᠠᠶᠢᠴᠠᠭᠠᠨ ᠰᠤᠳᠤᠯᠤᠭᠰᠠᠨ ᠤ ᠳᠠᠷᠠᠭ᠎ᠠ ᠯᠢᠦ ᠪᠦᠦ ᠴᠧᠩ ᠪᠠᠰᠠ ᠠᠵᠤ ᠠᠬᠤᠶᠢᠯᠠᠯ ᠲᠠᠢ ᠶᠠᠷᠢᠯᠴᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号