2 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠪᠠᠶᠢᠭᠤᠯᠭ᠎ᠠ ᠠᠵᠢᠯ ᠦᠶ᠋ᠯᠡᠰ ᠤᠨ ᠨᠢᠭᠡᠴᠡ ᠪᠠᠷ ᠬᠦᠷᠴᠦ᠂ ᠺᠠᠳ᠋ᠷ ᠠᠵᠢᠯᠲᠠᠨ | ᠠᠵᠢᠯᠴᠢᠨ ᠤ ᠪᠠᠶᠢᠳᠠᠯ ᠢᠶᠠᠨ ᠦᠳᠲᠡᠷ ᠲᠦᠷᠭᠡᠨ ᠲᠣᠬᠢᠷᠠᠭᠤᠯᠵᠤ᠂ ᠴᠣ ᠰᠢᠨ᠎ᠡ ᠪᠠᠶᠢᠳᠠᠯ᠂ ᠣᠷᠭᠢᠯᠤᠮ᠎ᠠ ᠬᠠᠯᠠᠭᠤᠨ | ᠰᠡᠳᠬᠢᠯᠭᠡ᠂ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠢᠨ᠎ᠡ ᠨᠢᠭᠡ ᠵᠢᠯ ᠳᠤ ᠵᠠᠮ ᠨᠡᠭᠡᠭᠡᠨ ᠰᠢᠨ᠎ᠡ ᠶᠢ ᠡᠭᠦᠳᠴᠦ᠂ | ᠡᠯ᠎ᠡ ᠵᠦᠶ᠋ᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠵᠤ᠂ ᠪᠥᠬᠦ | ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ | ᠱᠠᠭᠠᠷᠳᠠᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ ᠣᠷᠣᠯᠴᠠᠪᠠ᠃ | ᠪᠠᠢ ᠴᠦᠨ ᠯᠸᠢ ᠨᠠᠷ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠡᠨᠧᠷᠭᠢ ᠶᠢᠨ | ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠤᠪᠴᠢᠶ᠎ᠠ᠂ ᠲᠣᠭᠤᠷᠢᠭ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠵᠡᠷᠭᠡ ᠭᠠᠵᠠᠷ ᠲᠤ ᠬᠦᠷᠴᠦ᠂ ᠺᠠᠳ᠋ᠷ | ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠰᠢᠨ᠎ᠡ ᠵᠢᠯ ᠤᠨ ᠠᠵᠢᠯ ᠤᠨ | ᠲᠥᠯᠥᠪᠯᠡᠭᠡ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ | ᠥᠩᠭᠡᠷᠡᠭᠰᠡᠨ ᠨᠢᠭᠡ ᠵᠢᠯ ᠳᠤ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠢᠨ᠎ᠡ | ᠨᠢᠭᠡ ᠵᠢᠯ ᠳᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠠᠶᠢᠨ | ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠬᠠᠷᠠᠯᠲᠠ ᠪᠠᠨ | ᠴᠢᠨᠠᠭᠰᠢᠳᠠ ᠲᠣᠳᠣᠷᠬᠠᠶᠢᠯᠠᠵᠤ᠂ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ | ᠡᠭᠦᠷᠭᠡ ᠳᠤ ᠢᠳᠡᠪᠬᠢᠲᠡᠢ ᠣᠷᠣᠯᠴᠠᠵᠤ᠂ ᠦᠷᠭᠦᠯᠵᠢᠯᠡᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠵᠦ᠂ ᠠᠷᠠᠯᠵᠢᠶᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠢ ᠲᠣᠭᠲᠠᠭᠠᠬᠤ᠂ ᠪᠡᠯᠡ | ᠣᠷᠣᠭᠤᠯᠤᠯᠲᠠ ᠶᠢ ᠥᠷᠭᠡᠳᠬᠡᠬᠦ ᠵᠡᠷᠭᠡ ᠡᠯ᠎ᠡ ᠵᠦᠢᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠪᠦᠬᠦ | ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠵᠤ ᠥᠭᠬᠦ ᠶᠢ ᠬᠦᠰᠡᠵᠦ ᠪᠠᠶᠢᠨ᠎ᠠ | ᠭᠡᠵᠦ ᠬᠡᠯᠡᠪᠡ᠃ ᠰᠡᠳᠬᠢᠴᠡ ᠶᠢᠨ ᠪᠠᠶᠢᠳᠠᠯ ᠢᠶᠠᠨ ᠴᠠᠭ ᠲᠤᠬᠠᠢ ᠳᠤᠨᠢ ᠲᠣᠬᠢᠷᠠᠭᠤᠯᠵᠤ᠂ ᠲᠤᠰ ᠪᠡᠶ᠎ᠡ ᠶᠢᠨ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠳᠦᠷᠢ ᠳᠤ ᠦᠳᠲᠡᠷ ᠲᠦᠷᠭᠡᠨ ᠣᠷᠣᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ | ᠴᠢᠷᠮᠠᠶᠢᠯᠭ᠎ᠠ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠪᠦᠬᠦ ᠲᠤᠭᠤᠷᠢᠭ ᠤᠨ ᠬᠥᠭᠵᠢᠯᠲᠡ ᠪᠠᠨ ᠲᠦᠷᠭᠡᠳᠬᠡᠬᠦ᠂ ᠲᠠᠪᠠᠯᠳᠠᠳᠤ ᠬᠥᠭᠵᠢᠯᠲᠡ ᠳᠤ ᠨᠡᠩ ᠶᠡᠭᠡ | ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠬᠦ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠬᠤᠷᠢᠭ᠎ᠠ | ᠱᠤᠭᠤᠮ ᠢ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠥᠨᠳᠥᠷ | ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ | ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠪᠣᠯᠬᠤ ᠬᠠᠶᠢᠨᠠᠨ ᠤ ᠴᠧᠩ ᠪᠡᠯᠡ | ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠡᠭᠦᠷ ᠲᠤ᠂ ᠪᠠᠢ ᠴᠦᠨ ᠯᠸᠢ ᠨᠠᠮ ᠤᠨ ᠡᠭᠦᠷ ᠤᠨ ᠲᠤᠰ ᠪᠡᠶ᠎ᠡ ᠶᠢᠨ | ᠪᠠᠶᠢᠭᠤᠯᠤᠯᠲᠠ ᠶᠢᠨ ᠪᠠᠶᠢᠳᠠᠯ ᠪᠣᠯᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠨᠠᠷᠢᠨ ᠣᠶᠢᠯᠠᠭᠠᠵᠤ᠂ ᠳᠠᠷᠠᠭᠠᠴᠢ ᠶᠢᠨ ᠠᠯᠬᠤᠮ ᠳᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ | ᠰᠡᠳᠬᠢᠴᠡ ᠪᠣᠯᠤᠨ ᠠᠷᠭ᠎ᠠ ᠶᠢ ᠬᠠᠮᠲᠤᠪᠠᠷ ᠰᠣᠯᠢᠯᠴᠠᠪᠠ᠃ ᠪᠠᠢ ᠴᠦᠨ ᠯᠸᠢ᠂ ᠨᠠᠮ ᠤᠨ ᠡᠭᠦᠷ ᠤᠨ | ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠠᠭᠤᠷ ᠠᠮᠢᠰᠬᠤᠯ ᠢ ᠥᠳᠬᠡᠨ ᠵᠤᠵᠠᠭᠠᠨ ᠪᠣᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠠᠭᠤᠷᠠᠶ ᠭᠤᠭᠴᠤᠭ᠎ᠠ ᠶᠢ ᠨᠠᠷᠢᠨ | ᠣᠨᠣᠪᠴᠢᠲᠠᠶ ᠡᠷᠢᠵᠦ᠂ ᠳᠣᠲᠣᠭᠠᠳᠤ ᠡᠵᠡᠮᠳᠡᠯ ᠤᠨ ᠰᠢᠰᠲ᠋ᠧᠮ ᠪᠠ ᠲᠣᠭᠲᠠᠴᠠ ᠶᠢ ᠲᠦᠷᠭᠡᠪᠴᠢᠯᠡᠨ | ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠬᠥᠮᠦᠵᠢᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠭᠤᠯᠭ᠎ᠠ ᠶᠢ | ᠪᠠᠶᠢᠩᠭᠤ ᠶᠢᠨ ᠴᠢᠨᠠᠷᠲᠠᠶ ᠥᠷᠨᠢᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠵᠤ ᠤᠯᠠᠭᠠᠨ ᠱᠤᠭᠤᠮ ᠢ ᠭᠢᠰᠬᠢᠬᠦ | ᠥᠬᠡᠶ ᠪᠠᠶᠢᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠠᠳᠬᠤᠬᠤ ᠪᠠ ᠡᠵᠡᠩᠨᠡᠯᠲᠡ ᠶᠢ ᠠᠳᠬᠤᠬᠤ ᠶᠢ ᠭᠦᠨᠵᠡᠭᠡᠢ | ᠠᠭᠤᠰᠤᠯᠴᠠᠭᠤᠯᠬᠤ ᠶᠢ ᠪᠠᠷᠢᠮᠲᠠᠯᠠᠵᠤ᠂ ᠬᠦᠴᠦ ᠪᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠦᠢᠯᠡᠰ ᠪᠤᠰᠬᠠᠬᠤ | ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠪᠠᠶᠢᠭᠤᠯᠤᠯᠲᠠ ᠪᠣᠯᠤᠨ ᠬᠥᠭᠵᠢᠯᠲᠡ ᠶᠢ ᠵᠡᠷᠭᠡᠪᠡᠷ | ᠠᠬᠢᠭᠤᠯᠬᠤ ᠶᠢ ᠪᠠᠲᠤᠯᠠᠵᠤ᠂ ᠺᠣᠮᠫᠠᠨᠢ ᠶᠢᠨ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ | ᠠᠬᠢᠭᠤᠯᠬᠤ ᠬᠡᠷᠡᠭᠲᠡᠢ᠃ |