2 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠦᠬᠤᠰᠤ ᠪᠠᠯᠭᠠᠰᠤᠨ ᠤ ᠨᠠᠮ ᠤᠨ ᠬᠤᠷᠢᠶ᠎ᠠ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ | ᠰᠤᠷᠲᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠨᠣᠮ ᠤᠩᠰᠢᠬᠤ ᠠᠩᠭᠢ ᠵᠢᠴᠢ ᠨᠠᠮ ᠤᠨ ᠬᠤᠷᠢᠶᠠᠨ ᠤ | ᠣᠨᠣᠯ ᠤᠨ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠭᠢᠯᠡᠪᠡ᠃ | ᠬᠦᠬᠤᠰᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠰᠤᠷᠤᠯᠭ᠎ᠠ ᠡᠬᠢᠯᠡᠬᠦ ᠮᠠᠶ᠋ᠢᠭ ᠤᠨ | ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃ | ᠲᠣᠰ ᠬᠤᠭᠤᠴᠠᠭᠠᠨ ᠤ ᠨᠣᠮ ᠤᠩᠰᠢᠬᠤ ᠠᠩᠭᠢ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠦᠬᠠᠶ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ᠂ ᠳᠡᠳ᠋ ᠫᠷᠤᠹᠧᠰᠰᠤᠷ ᠵᠢᠶᠠᠩ | ᠬᠦᠶ ᡁᠢ ᠶᠢ ᠤᠷᠢᠵᠤ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠷᠬᠢᠨ ᠬᠠᠷᠠᠬᠤ ᠳᠤ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠶ᠎ᠠ︾ ᠭᠡᠬᠦ ᠲᠤᠰᠬᠠᠶ ᠰᠡᠳᠦᠪᠲᠦ ᠵᠢᠯᠣᠭᠤᠳᠣᠯᠭ᠎ᠠ ᠥᠷᠨᠢᠭᠦᠯᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠷᠯᠠᠨ ᠮᠡᠳᠡᠭᠳᠡᠬᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠲᠥᠪᠯᠡᠷᠡᠭᠦᠯᠦᠨ ᠥᠪᠡᠰᠦᠪᠡᠨ | ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠷᠢᠮ ᠨᠠᠮ ᠤᠨ | ᠭᠡᠰᠢᠭᠦᠨ ᠺᠠᠳ᠋ᠷᠴᠤᠳ ᠤᠨ ᠥᠪᠡᠷ ᠢ ᠪᠠᠨ ᠬᠢᠵᠠᠭᠠᠷᠯᠠᠬᠤ ᠤᠬᠠᠮᠰᠠᠷ ᠨᠢ ᠴᠢᠩᠭ᠎ᠠ ᠪᠢᠰᠢ᠂ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠪᠤᠳᠤᠬᠤ ᠥᠬᠡᠶ᠂ ᠣᠶᠢᠯᠠᠭᠠᠬᠤ ᠥᠬᠡᠶ᠂ ᠡᠵᠡᠮᠰᠢᠬᠦ ᠥᠬᠡᠶ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ | ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠷᠠᠭᠤᠯᠵᠤ᠂ | ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠨ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ | ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠦᠬᠤᠰᠤ ᠪᠠᠯᠭᠠᠰᠤ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠪᠣᠳᠠᠲᠠᠶᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ | ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠡᠯ᠎ᠡ ᠵᠦᠶ᠋ᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠢ ᠦᠷᠭᠦᠯᠵᠢᠯᠡᠨ ᠬᠥᠲᠥᠯᠥᠨ | ᠵᠢᠯᠣᠭᠤᠳᠴᠤ ᠪᠠᠶᠢᠭᠠᠳ ᠭᠦᠨᠵᠡᠭᠡᠶ ᠰᠤᠷᠤᠯᠴᠠᠵᠤ ᠨᠠᠷᠢᠨ ᠣᠶᠢᠯᠠᠭᠠᠬᠤ ᠳᠤᠮᠳᠠ ︽ᠰᠠᠬᠢᠯᠭ᠎ᠠ ᠪᠠᠲᠤ︾ ᠶᠢ ᠪᠠᠲᠤ | ᠴᠡᠭᠡᠵᠢᠯᠡᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠳᠤᠮᠳᠠ ︽ᠰᠠᠬᠢᠯᠭ᠎ᠠ ᠪᠠᠲᠤ︾ ᠶᠢ | ᠦᠶ᠋ᠯᠡᠳᠦᠯᠭᠡᠵᠢᠭᠦᠯᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ | ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ |