ᠬᠦᠬᠤᠰᠤ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/2/11
      ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠠᠬᠢᠵᠢᠭᠦᠯᠵᠦ᠂ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠷᠠᠭᠤᠯᠤᠨ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠷᠠᠭᠤᠯᠤᠨ᠎ᠠ᠃ 2 ᠰᠠᠷ᠎ᠠ ᠶᠢᠨ 7 ᠤ ᠡᠳᠦᠷ᠂ ᠬᠦᠬᠤᠰᠤ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ᠃      ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠭᠤᠤᠯ ᠠᠭᠤᠯᠭ᠎ᠠ ᠶᠢᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠡᠷᠡ ᠬᠡᠪ ᠢᠶᠠᠷ ᠨᠢ ᠰᠤᠷᠤᠯᠴᠠᠵᠤ᠂ ᠳᠦᠷᠢᠮ ᠲᠣᠭᠲᠠᠭᠠᠯ ᠳᠠᠷᠠᠭᠠᠯᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠵᠤ᠂ ︽ᠵᠢᠷᠭᠤᠭᠠᠨ ᠵᠦᠶ᠋ᠯ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠭᠤᠤᠯ ᠵᠣᠷᠢᠯᠲᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠳᠦᠷ ᠲᠤᠲᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠬᠡᠮᠵᠢᠯᠲᠡ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ︔ ᠬᠤᠶᠠᠷ ᠲᠤ ᠨᠡᠪᠲᠡᠷᠡᠲᠡᠯ᠎ᠡ ᠰᠤᠷᠤᠯᠴᠠᠵᠤ᠂ ᠰᠠᠬᠢᠯᠭ᠎ᠠ ᠪᠠᠲᠤ ᠨᠢᠭᠡᠪᠦᠷᠢ ᠶᠢ ᠴᠥᠮ ᠨᠠᠷᠢᠨ ᠬᠢᠨᠠᠮᠠᠭᠠᠶ ᠰᠤᠳᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠶᠠᠷᠢᠭᠰᠠᠨ ᠢ ᠮᠡᠳᠡᠬᠦ ᠮᠥᠷᠲᠡᠭᠡᠨ ᠪᠠᠰᠠ ᠤᠳᠬ᠎ᠠ ᠠᠭᠤᠯᠭ᠎ᠠ ᠶᠢ ᠣᠶᠢᠯᠠᠭᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠥᠪᠡᠷ ᠤᠨ ᠰᠤᠷᠤᠯᠴᠠᠯᠭ᠎ᠠ ᠲᠠᠢ ᠪᠠᠨ ᠤᠶᠠᠯᠳᠤᠭᠤᠯᠵᠤ᠂ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠲᠠᠢ ᠬᠠᠷᠢᠴᠠᠭᠤᠯᠤᠨ᠂ ᠥᠪᠡᠷ ᠢ ᠪᠠᠨ ᠣᠷᠣᠭᠤᠯᠵᠤ᠂ ᠠᠵᠢᠯ ᠢᠶᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠶ᠃      ᠬᠤᠶᠢᠰᠢᠳᠠ᠂ ᠬᠦᠬᠤᠰᠤ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢᠨ ᠠᠭᠤᠯᠤᠭᠳᠠᠬᠤᠨ ᠤ ᠮᠥᠨ ᠴᠢᠨᠠᠷ ᠪᠣᠯᠤᠨ ᠯᠣᠭᠢᠭ ᠤᠨ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号