ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠨᠡᠶᠢᠭᠡᠮ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ ᠨᠠᠮ ᠤᠨ | ᠭᠡᠰᠢᠭᠦᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠶ᠃ 2 ᠰᠠᠷ᠎ᠠ ᠶᠢᠨ 6 ᠤ ᠡᠳᠦᠷ᠂ ᠬᠦᠬᠤᠰᠣ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ | ᠨᠠᠮ ᠤᠨ ᠬᠤᠷᠢᠶ᠎ᠠ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠨᠡᠶᠢᠭᠡᠮ ᠲᠣᠭᠤᠷᠢᠭ ᠤᠨ ᠱᠦᠵᠢ | ᠡᠷᠭᠢᠯᠡᠵᠦ᠂ ᠨᠡᠶᠢᠭᠡᠮ ᠲᠣᠭᠤᠷᠢᠭ ᠤᠨ ᠪᠥᠬᠦ ᠠᠵᠢᠯᠲᠠᠳ ᠬᠤᠷᠠᠯ ᠳᠤ ᠣᠷᠣᠯᠴᠠᠵᠠᠶ᠃ ᠲᠣᠰ ᠤᠳᠠᠭᠠᠨ ᠤ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠶ ᠴᠢᠬᠤᠯᠠ ᠥᠭᠦᠯᠡᠯᠲᠡ ᠪᠣᠯᠤᠨ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ | ᠢ ᠰᠤᠷᠤᠯᠴᠠᠭᠰᠠᠨ ᠪᠥᠭᠡᠳ 2025 ᠣᠨ ᠤ ᠨᠡᠶᠢᠭᠡᠮ ᠲᠣᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠨᠢᠭᠡ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢᠨ | ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠰᠠᠬᠢᠯᠭ᠎ᠠ ᠪᠠᠲᠤ ᠪᠠᠷ ᠥᠪᠡᠷ ᠢ ᠪᠠᠨ ᠴᠢᠩᠭ᠎ᠠ | ᠬᠢᠵᠠᠭᠠᠷᠯᠠᠬᠤ ᠬᠡᠷᠡᠭᠲᠡᠢ︔ ᠬᠤᠶᠠᠷ ᠲᠤ᠂ ᠲᠣᠰ ᠪᠡᠶ᠎ᠡ ᠶᠢᠨ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ | ᠵᠠᠷᠴᠢᠮ ᠢ ᠪᠠᠷᠢᠮᠲᠠᠯᠠᠨ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠥᠯᠢᠭᠡᠷ | ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠤᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠲᠦᠷᠦᠭᠦᠯᠡᠨ | ᠦᠢᠯᠡᠳᠦᠯᠭᠡᠵᠢᠭᠦᠯᠵᠦ᠂ ᠪᠠᠷᠢᠮᠵᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ | ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠶ︔ ᠭᠤᠷᠪᠠ ᠳᠤ᠂ ᠢᠯᠵᠠᠷᠠᠬᠤ ᠠᠴᠠ ᠵᠢᠷᠦᠬᠡᠰᠢᠶᠡᠬᠦ | ᠰᠦᠷᠳᠡᠭᠦᠯᠦᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ | ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠬᠤ ᠬᠡᠷᠡᠭᠲᠡᠶ᠃ ᠲᠣᠰ ᠤᠳᠠᠭᠠᠨ ᠤ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠨᠢ ᠨᠠᠮ ᠤᠨ ᠭᠡᠰᠢᠭᠦᠨ ᠤ ᠦᠵᠡᠯ | ᠰᠠᠨᠠᠭᠠᠨ ᠤ ᠤᠬᠠᠮᠰᠠᠷ ᠪᠠ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠠ | ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠳᠤ ᠰᠠᠶᠢᠨ ᠰᠠᠶᠢᠬᠠᠨ ᠦᠵᠡᠯ | ᠰᠠᠨᠠᠭᠠᠨ ᠤ ᠰᠠᠭᠤᠷᠢ ᠶᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠯᠢ ᠮᠢᠨ ᠨᠡᠶᠢᠭᠡᠮ | ᠲᠣᠭᠤᠷᠢᠭ ᠤᠨ ᠬᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ | ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠯᠠᠪᠳᠠᠭᠤᠨ ᠪᠠᠲᠤᠲᠠᠢ ᠭᠦᠢᠴᠡᠳᠬᠡᠵᠦ᠂ ᠱᠠᠳᠤ ᠱᠠᠳᠤ ᠪᠠᠷ ᠳᠠᠷᠤᠯᠲᠠ | ᠥᠭᠴᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ | ᠪᠠ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠤᠯᠤᠰ ᠲᠦᠷᠦ ᠶᠢᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠨ᠎ᠠ᠃ |