2 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠨᠢᠩ ᠣᠷᠣᠯᠴᠠᠪᠠ᠃ | ᠥᠪᠥᠷ ᠮᠣᠩᠭᠤᠯ ᠤᠨ ᠴᠠᠩ ᠱᠧᠩ ᠶᠤᠸᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠶᠢᠨ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ | ᠶᠢᠨ ᠲᠠᠢ ᠱᠠᠩ ᠫᠢᠨ ᠭᠥᠯᠢᠶᠡᠨ ᠠᠪᠬᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢᠦ ᠪᠦᠦ ᠴᠧᠩ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠵᠢ ᠪᠥᠷᠢᠳᠦᠭᠰᠡᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠣᠷᠣᠨ | ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠵᠥᠭᠡᠯᠡᠨ ᠪᠣᠳᠠᠲᠤ ᠬᠦᠴᠦᠨ ᠮᠥᠨ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ᠂ ᠬᠥᠭᠵᠢᠯᠲᠡ ᠶᠢ | ᠠᠳᠬᠤᠬᠤ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠵᠠᠰᠠᠭ | ᠠᠵᠤ ᠠᠬᠤᠶᠢᠯᠠᠯ ᠤᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠵᠤ᠂ ︽ᠨᠢᠭᠡ ᠥᠷᠲᠡᠭᠡᠨ ᠤ ᠮᠠᠶ᠋ᠢᠭ︾ ᠤᠨ ᠬᠢᠨᠠᠨ ᠵᠥᠪᠰᠢᠶᠡᠷᠡᠬᠦ᠂ | ︽ᠮᠥᠷᠥᠨ ᠳᠡᠭᠡᠷ᠎ᠡ ᠪᠠᠨ ᠵᠡᠷᠭᠡᠴᠡᠭᠦᠯᠬᠦ︾ ᠦᠢᠯᠡᠴᠢᠯᠡᠭᠡ ᠵᠡᠷᠭᠡ ᠵᠠᠭᠪᠤᠷ ᠢ ᠬᠠᠩᠭᠠᠬᠤ ᠪᠠᠷ ᠳᠠᠮᠵᠢᠭᠤᠯᠤᠨ᠂ ᠠᠵᠤ | ᠠᠬᠤᠶᠢᠯᠠᠯ ᠢ ᠲᠤᠰᠠᠯᠠᠬᠤ ᠦᠢᠯᠡᠴᠢᠯᠡᠭᠡ ᠶᠢ ᠬᠠᠨᠳᠤᠯᠭᠠᠲᠤ ᠴᠢᠨᠠᠷᠲᠠᠶ᠂ ᠥᠨᠳᠥᠷ ᠪᠦᠲᠦᠮᠵᠢᠲᠡᠶ ᠴᠢᠨᠠᠷᠲᠠᠢ ᠪᠠᠷ | ᠥᠷᠨᠢᠭᠦᠯᠵᠦ᠂ ᠮᠠᠨ ᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠠᠵᠢᠯ ᠤᠨ ᠶᠠᠰᠤ ᠴᠢᠨᠠᠷ | ᠦᠷ᠎ᠡ ᠪᠦᠲᠦᠮᠵᠢ ᠪᠠ ᠬᠢᠷᠢ ᠲᠦᠪᠰᠢᠨ ᠢ ᠨᠠᠩ ᠰᠠᠶᠢᠲᠤᠷ ᠳᠡᠭᠡᠭᠰᠢᠯᠡᠭᠦᠯᠬᠦ ᠬᠡᠷᠡᠭᠲᠡᠶ ᠭᠡᠵᠡᠶ᠃ ᠠᠵᠤ ᠠᠬᠤᠶᠢᠯᠠᠯ ᠤᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠭᠦᠨᠵᠡᠭᠡᠢ | ᠠᠬᠢᠭᠤᠯᠵᠤ᠂ ︽ᠠᠵᠤ ᠠᠬᠤᠶᠢᠯᠠᠯ ᠤᠨ ᠬᠠᠮᠢᠶᠠᠷᠤᠭᠴᠢ︾ ᠶᠢᠨ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠵᠦ᠂ | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠶᠢ ᠨᠡᠩ ᠲᠦᠷᠭᠡᠨ᠂ ᠨᠡᠩ ᠥᠨᠳᠥᠷ ᠪᠦᠲᠦᠮᠵᠢᠲᠡᠢ ᠪᠣᠯᠭᠠᠬᠤ | ᠬᠡᠷᠡᠭᠲᠡᠢ᠃ ᠲᠦᠷᠦᠯ ᠵᠦᠢᠯ ᠢ ᠮᠥᠷᠳᠡᠬᠦ᠂ ᠵᠣᠬᠢᠴᠠᠭᠤᠯᠬᠤ᠂ ᠦᠢᠯᠡᠴᠢᠯᠡᠬᠦ᠂ ᠬᠢᠨᠠᠨ ᠵᠢᠯᠣᠭᠤᠳᠬᠤ ᠡᠷᠴᠢᠮ ᠢᠶᠠᠨ | ᠴᠢᠩᠭᠠᠷᠠᠭᠤᠯᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ | ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ | ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ᠂ ᠯᠢᠦ ᠪᠦᠦ ᠴᠧᠩ ᠡᠯ᠎ᠡ | ᠦᠢᠯᠡᠴᠢᠯᠡᠭᠡᠨ ᠤ ᠴᠣᠩᠬᠤᠨ ᠤ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠲᠤᠬᠠᠶᠢᠯᠠᠭᠰᠠᠨ ᠠᠵᠢᠯ ᠤᠨ ᠭᠦᠢᠴᠡᠳᠭᠡᠬᠦ ᠶᠠᠪᠤᠴᠠ᠂ ᠭᠦᠢᠴᠡᠳᠭᠡᠬᠦ ᠴᠠᠭ ᠤᠨ ᠬᠢᠵᠠᠭᠠᠷ ᠵᠢᠴᠢ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠣᠶᠢᠯᠠᠭᠠᠪᠠ᠃ ᠲᠡᠷᠡ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠣᠯ ᠵᠠᠰᠠᠭ ᠤᠨ ᠣᠷᠳᠣᠨ ᠬᠢᠭᠡᠳ ᠣᠯᠠᠨ ᠲᠦᠮᠡᠨ᠂ ᠠᠵᠤ ᠠᠬᠤᠶᠢᠯᠠᠯ ᠨᠡᠪᠲᠡᠷᠡᠯᠴᠡᠬᠦ ᠶᠢᠨ ᠬᠥᠭᠦᠷᠭᠡ | ᠮᠥᠨ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠨ︾ ᠢᠶᠠᠷ ᠬᠥᠲᠥᠯᠦᠮᠵᠢ ᠪᠣᠯᠭᠠᠵᠤ᠂ ᠠᠵᠢᠯ | ᠶᠠᠪᠤᠳᠠᠯ ᠭᠦᠢᠴᠡᠳᠭᠡᠬᠦ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠴᠣᠩᠬᠤᠨ ᠤ ᠠᠵᠢᠯ ᠤᠨ ᠦᠷ᠎ᠡ ᠪᠦᠲᠦᠮᠵᠢ ᠶᠢ ᠡᠷᠴᠢᠮᠵᠢᠭᠦᠯᠵᠦ᠂ ᠣᠯᠠᠨ | ᠲᠦᠮᠡᠨ ᠢ ᠳᠤᠲᠠᠭᠤ ᠭᠦᠶᠦᠯᠭᠡᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ ᠬᠡᠷᠡᠭᠲᠡᠶ᠃ ︽ᠭᠤᠷᠪᠠ ᠶᠢ | ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠠᠵᠢᠯ ᠤᠨ ᠰᠠᠭᠤᠷᠢ ᠶᠢ ᠪᠠᠬᠢᠵᠢᠭᠦᠯᠵᠦ᠂ ︽ᠬᠢᠨᠠᠬᠤ ᠶᠢ | ᠰᠠᠯᠭᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠨᠡᠩ ᠳᠥᠭᠦᠮ | ᠳᠥᠲᠡ᠂ ᠪᠣᠳᠠᠲᠠᠢ ᠶᠢ ᠡᠷᠬᠢᠮᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ | |