2 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠱᠢ ᠯᠢ | ᠴᠢᠶᠠᠩ᠂ ᠯᠢᠦ ᠲᠢᠶᠠᠨ ᠴᠢᠩ ᠣᠷᠣᠯᠴᠠᠪᠠ᠃ | ᠪᠠᠢ ᠴᠦᠨ ᠯᠸᠢ ᠨᠠᠷ ᠤᠷᠢᠳ ᠬᠤᠵᠢᠳ ᠮᠧᠩ ᠯᠢ ᠡᠮ ᠦᠢᠯᠡᠳᠬᠦ᠂ ᠵᠦᠩ ᠴᠤᠸᠠᠩ ᠯᠢᠶᠠᠨ ᠱᠧᠩ᠂ | ᠰᠢᠨ ᠸᠧᠢ ᠬᠢᠮᠢ ᠶᠢᠨ ᠠᠵᠤ ᠦᠢᠯᠡᠳᠪᠦᠷᠢ᠂ ᠱᠢ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ | ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ | ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠰᠠᠶᠢᠲᠤᠷ ᠠᠳᠬᠤᠬᠤ ᠪᠣᠯ ᠪᠦᠬᠦ ᠵᠢᠯ ᠳᠤ ᠰᠠᠶᠢᠨ ᠡᠬᠢᠯᠡᠯᠲᠡ ᠲᠠᠢ | ᠪᠣᠯᠭᠠᠬᠤ ᠶᠢᠨ ᠵᠠᠩᠭᠢᠯᠠᠭ᠎ᠠ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ | ᠬᠠᠷᠢᠯᠴᠠᠬᠤ ᠪᠠ ᠦᠢᠯᠡᠴᠢᠯᠡᠵᠦ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ | ᠣᠶᠢᠯᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠪᠣᠳᠠᠲᠠᠢ ᠶᠠᠪᠤᠳᠠᠯ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠤᠨ | ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠵᠠᠬ᠎ᠠ ᠳᠡᠯᠭᠡᠭᠦᠷ ᠢᠶᠠᠷ ᠬᠦᠳᠦᠯᠦᠨ | ᠳᠠᠭᠠᠭᠤᠯᠬᠤ᠂ ᠶᠠᠰᠤ ᠴᠢᠨᠠᠷ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ | ᠳᠣᠲᠣᠷ ᠲᠠᠮᠢᠷ ᠢᠶᠠᠨ ᠴᠢᠩᠭᠠᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠮᠤᠷ ᠲᠦᠪᠰᠢᠨ ᠢ ᠪᠠᠲᠤᠯᠠᠭᠰᠠᠨ | ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢᠶᠠᠨ ᠲᠦᠷᠭᠡᠳᠬᠡᠵᠦ᠂ ᠨᠢᠭᠡᠳᠦᠭᠡᠷ ᠤᠯᠠᠷᠢᠯ ᠤᠨ | ︽ᠰᠠᠶᠢᠨ ᠡᠬᠢᠯᠡᠯᠲᠡ︾ ᠶᠢ ᠲᠡᠮᠡᠴᠡᠨ ᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠪᠣᠯᠤᠨ ᠭᠡᠮ ᠰᠣᠭᠤᠭ ᠢ ᠪᠠᠶᠢᠴᠠᠭᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠭᠤᠭᠴᠤᠭ᠎ᠠ ᠨᠢᠭᠡᠪᠦᠷᠢ ᠳᠤ ᠴᠥᠮ | ᠵᠢᠷᠤᠮᠵᠢᠯ ᠲᠠᠢ᠂ ᠴᠢᠩᠭ᠎ᠠ᠂ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠥᠨᠳᠥᠷ ᠪᠠᠷᠢᠮᠵᠢᠶ᠎ᠠ᠂ | ᠴᠢᠩᠭ᠎ᠠ ᠱᠠᠭᠠᠷᠳᠠᠯᠭ᠎ᠠ ᠪᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠢ | ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ | ᠶᠢᠨ ᠬᠠᠢ ᠶᠠᠪᠠᠭᠠᠨ ᠵᠡᠭᠡᠯᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠢ ᠴᠦᠨ ᠯᠸᠢ ᠶᠢᠨ ᠬᠠᠢ ᠶᠢᠨ | ᠶᠠᠪᠠᠭᠠᠨ ᠬᠥᠮᠦᠨ ᠤ ᠵᠡᠭᠡᠯᠢ ᠶᠢᠨ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠠᠮᠤᠷ ᠲᠦᠪᠰᠢᠨ ᠤ ᠭᠡᠮ ᠰᠣᠭᠤᠭ ᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃ |