ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/11
      2 ᠰᠠᠷ᠎ᠠ ᠶᠢᠨ 8 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠳ᠋ᠢᠩ ᠸᠧᠢ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠦ ᠬᠤᠤ᠂ ᠵᠤᠤ ᠬᠠᠢ ᠪᠢᠨ᠂ ᠪᠠᠶᠠᠷ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠡᠶᠢᠲᠡᠯᠡᠭᠰᠡᠨ ︽ᠦᠨᠡᠨ︾ ᠰᠡᠳᠬᠦᠯ ᠳᠡᠭᠡᠷᠡᠬᠢ ᠤᠭ ᠵᠣᠬᠢᠶᠠᠯ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠵᠣᠬᠢᠶᠠᠯ ᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠪᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠭᠤᠣᠯ ᠳᠤᠭᠤᠶᠢᠯᠠᠩ ᠤᠨ ᠪᠦᠷᠢᠯᠳᠦᠬᠦᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠦᠵᠡᠯ ᠰᠠᠨᠠᠭ᠎ᠠ ᠪᠣᠯᠤᠨ ᠠᠵᠢᠯ  ᠤᠨ  ᠪᠣᠳᠠᠲᠤ  ᠪᠠᠶᠢᠳᠠᠯ  ᠲᠠᠢ  ᠪᠠᠨ  ᠨᠢᠭᠲᠠ  ᠤᠶᠠᠯᠳᠤᠭᠤᠯᠤᠨ  ᠰᠤᠳᠤᠯᠤᠨ ᠶᠠᠷᠢᠯᠴᠠᠵᠤ  ᠰᠠᠨᠠᠯ  ᠢᠶᠠᠨ ᠰᠣᠯᠢᠯᠴᠠᠬᠤ  ᠶᠠᠷᠢᠶ᠎ᠠ ᠲᠠᠯᠪᠢᠪᠠ᠃      ᠬᠤᠷᠠᠯ ᠠᠴᠠ᠂ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠤᠬᠠᠮᠰᠠᠷ ᠠᠴᠠ ᠪᠠᠨ ᠰᠤᠷᠤᠯᠴᠠᠬᠤ ᠠᠭᠤᠯᠭ᠎ᠠ ᠶᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠡᠷᠭᠡ ᠲᠠᠢ ᠤᠶᠠᠯᠳᠤᠭᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠬᠤᠶᠠᠷ ᠲᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠵᠤ᠂ ᠯᠠᠪᠳᠠᠭᠤᠨ ᠪᠠᠲᠤᠲᠠᠢ ᠠᠬᠢᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠡᠪᠲᠡᠷᠡᠭᠦᠯᠵᠦ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ᠂ ᠮᠠᠲ᠋ᠧᠷᠢᠶᠠᠯ ᠪᠢᠴᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ︔ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠠᠷᠢᠴᠠᠭᠤᠯᠤᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢ ᠪᠠᠶᠢᠴᠠᠭᠠᠨ ᠦᠵᠡᠬᠦ᠂ ᠦᠷ᠎ᠡ ᠪᠦᠲᠦᠮᠵᠢ ᠶᠢ ᠳ᠋ᠦᠩᠨᠡᠬᠦ᠂ ᠰᠠᠶᠢᠵᠢᠷᠠᠭᠤᠯᠤᠨ ᠳᠡᠭᠡᠭᠰᠢᠯᠡᠭᠦᠯᠬᠦ‍ ᠨᠢᠭᠡ ᠤᠳᠠᠭ᠎ᠠ ᠶᠢᠨ ᠴᠢᠬᠤᠯᠠ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠰᠣᠯᠢᠯᠴᠠᠬᠤ᠂ ᠪᠦᠯᠬᠦᠮᠳᠡᠯ ᠢ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ᠂ ᠠᠵᠢᠯ ᠢ ᠠᠬᠢᠭᠤᠯᠬᠤ ᠰᠠᠶᠢᠨ ᠰᠠᠶᠢᠬᠠᠨ ᠦᠷ᠎ᠡ ᠪᠦᠲᠦᠮᠵᠢ ᠣᠯᠵᠤ᠂ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠰᠠᠶᠢᠨ ᠰᠠᠶᠢᠬᠠᠨ ᠦᠵᠡᠯ ᠰᠠᠨᠠᠭᠠᠨ ᠤ ᠰᠠᠭᠤᠷᠢ ᠶᠢ ᠲᠠᠯᠪᠢᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号