2 ᠰᠠᠷ᠎ᠠ ᠶᠢᠨ 8 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠤᠢ ᠪᠢᠨ ᠨᠠᠮ ᠤᠨ ᠰᠠᠬᠢᠯᠭ᠎ᠠ ᠪᠠᠲᠤ ᠶᠢᠨ ᠲᠤᠰᠬᠠᠶ ᠰᠡᠳᠦᠪᠲᠦ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠢ ᠰᠢᠢᠳᠪᠦᠷᠢᠯᠡᠬᠦ ᠬᠠᠤᠯᠢ︾ ᠪᠣᠯᠤᠨ ︽ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠰᠢᠳᠬᠡᠯ ᠥᠭᠬᠦ ᠲᠣᠭᠲᠠᠭᠠᠯ︾ ᠢ ᠲᠥᠪᠯᠡᠷᠡᠭᠦᠯᠦᠨ ᠰᠤᠷᠤᠯᠴᠠᠪᠠ᠃ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠦᠬᠦ ᠠᠵᠢᠯᠲᠠᠳ ᠬᠤᠷᠠᠯ ᠳᠤ ᠣᠷᠣᠯᠴᠠᠪᠠ᠃ | ᠬᠤᠷᠠᠯ ᠠᠴᠠ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠤᠨ ᠰᠤᠷᠤᠯᠴᠠᠯᠭ᠎ᠠ ᠶᠢ ᠨᠠᠰᠤᠨ ᠲᠤᠷᠰᠢᠳᠠ ᠶᠢᠨ | ᠰᠡᠳᠦᠪ ᠪᠣᠯᠭᠠᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠬᠦ ᠳᠤᠮᠳᠠ ᠵᠢᠷᠭᠤᠭᠠᠨ ᠵᠦᠶ᠋ᠯ ᠤᠨ ᠰᠠᠬᠢᠯᠭ᠎ᠠ | ᠪᠠᠲᠤ ᠶᠢ ᠲᠠᠷᠢᠬᠢ ᠲᠣᠯᠣᠭᠠᠶ ᠳᠠᠭᠠᠨ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠵᠤ᠂ ᠰᠠᠬᠢᠯᠭ᠎ᠠ ᠪᠠᠲᠤ ᠶᠢ | ᠰᠤᠷᠤᠯᠴᠠᠵᠤ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠬᠡᠪ ᠤᠨ ᠣᠷᠳᠣ ᠬᠤᠭᠤᠴᠠᠭᠠᠨ ᠤ | ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠶ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠪᠠ ᠵᠣᠷᠢᠭᠲᠠᠢ ᠪᠠᠷ ᠬᠢᠵᠦ ᠴᠢᠳᠠᠮᠠᠭᠠᠢ ᠪᠠᠷ ᠠᠵᠢᠯᠯᠠᠬᠤ ᠶᠢ ᠨᠢᠭᠡᠳᠭᠡᠵᠦ᠂ ᠰᠠᠬᠢᠯᠭ᠎ᠠ ᠪᠠᠲᠤ ᠶᠢᠨ ᠬᠥᠮᠦᠵᠢᠯ ᠢ | ᠠᠬᠢᠭᠤᠯᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠬᠤ ᠶᠢ ᠵᠡᠷᠭᠡᠪᠡᠷ ᠬᠦᠴᠦᠯᠡᠬᠦ ᠶᠢ | ᠠᠬᠢᠭᠤᠯᠵᠤ᠂ ᠺᠠᠳ᠋ᠷᠴᠤᠳ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠵᠢᠷᠤᠮᠵᠢᠭᠤᠯᠬᠤ ᠳᠤᠮᠳᠠ ᠢᠳᠡᠪᠬᠢᠲᠡᠢ ᠪᠠᠷ | ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠷᠢᠭᠵᠢᠭᠤᠯᠬᠤ ᠬᠡᠷᠡᠭᠲᠡᠢ᠃ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠭᠤᠣᠯ ᠰᠡᠳᠦᠪᠲᠦ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠡᠳᠬᠢᠯ ᠤᠨ | ᠦᠭᠡ ᠪᠠᠨ ᠶᠠᠷᠢᠯᠴᠠᠬᠤ᠂ ᠰᠠᠨᠠᠯ ᠬᠤᠷᠢᠶᠠᠬᠤ᠂ ᠬᠠᠷᠢᠴᠠᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠵᠡᠷᠭᠡ ᠠᠵᠢᠯ ᠢ ᠴᠢᠩᠭ᠎ᠠ ᠥᠷᠨᠢᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ | ᠰᠢᠨ᠎ᠡ ᠳᠦᠷᠰᠦ ᠪᠠᠶᠢᠳᠠᠯ᠂ ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ |