ᠬᠠᠶᠢᠨᠠᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠩᠬᠠᠳᠠᠭᠴᠢ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠᠶᠢᠭᠤᠯᠤᠭᠳᠠᠨ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2025/2/11
      2024 ᠣᠨ ᠤ 10 ᠰᠠᠷ᠎ᠠ ᠶᠢᠨ ᠰᠡᠭᠦᠯᠴᠢ ᠳᠤ᠂ ᠬᠠᠶᠢᠨᠠᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠩᠬᠠᠳᠠᠭᠴᠢ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠲᠥᠷᠥᠯ ᠵᠦᠢᠯ ᠢ ᠤᠷᠤᠭᠰᠢᠲᠠᠶ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃         ᠨᠥᠭᠡᠴᠡᠯᠡᠬᠦ ᠬᠥᠮᠥᠷᠭᠡ ᠳᠤ ᠣᠷᠣᠬᠤ ᠳᠤ᠂ ᠰᠤᠷᠪᠤᠯᠵᠢᠯᠠᠭᠴᠢ ᠣᠯᠵᠤ ᠦᠵᠡᠭᠰᠡᠨ ᠨᠢ᠂ ᠡᠯ᠎ᠡ ᠲᠥᠷᠥᠯ ᠤᠨ ᠡᠳ᠋ ᠪᠣᠳᠠᠰ ᠪᠠ ᠪᠠᠭᠠᠵᠢ ᠬᠡᠷᠡᠭᠰᠡᠯ ᠢ ᠲᠥᠷᠥᠯ ᠬᠤᠪᠢᠶᠠᠨ ᠬᠠᠳᠠᠭᠠᠯᠠᠵᠤ ᠪᠠᠶᠢᠭ᠎ᠠ ᠨᠢ ᠲᠥᠷᠥᠯ ᠵᠦᠢᠯ ᠪᠦᠷᠢᠨ᠂ ᠲᠤᠭ᠎ᠠ ᠬᠡᠮᠵᠢᠶ᠎ᠡ ᠨᠢ ᠴᠦ ᠨᠡᠯᠢᠶᠡᠳ ᠭᠦᠢᠴᠡᠳ ᠪᠠᠶᠢᠨ᠎ᠠ᠃ ᠣᠶᠢᠯᠠᠭᠠᠭᠰᠠᠨ ᠢᠶᠠᠷ᠂ ᠬᠠᠶᠢᠨᠠᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 3600 ᠲᠦᠮᠡᠨ ᠲᠥᠭᠦᠷᠢᠭ ᠲᠤ ᠬᠦᠷᠴᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 7491 ᠲᠡᠭᠰᠢ ᠳᠥᠷᠪᠡᠯᠵᠢᠨ ᠮᠧᠳ᠋ᠷ ᠪᠠᠶᠢᠵᠤ᠂ ᠬᠥᠮᠥᠷᠭᠡ᠂ ᠣᠨᠴᠠ ᠲᠠᠰ ᠤᠨ ᠭᠠᠯ ᠤᠨᠲᠠᠷᠠᠭᠠᠬᠤ ᠥᠷᠲᠡᠭᠡ᠂ ᠶᠡᠷᠦᠩᠬᠡᠶᠢᠯᠡᠭᠰᠡᠨ ᠠᠰᠠᠷ᠂ ᠪᠣᠯᠪᠠᠰᠤᠷᠠᠯ ᠤᠨ ᠰᠤᠪᠤᠷᠭ᠎ᠠ ᠵᠡᠷᠭᠡ ᠲᠥᠬᠦᠭᠡᠷᠦᠮᠵᠢ ᠶᠢ ᠨᠥᠭᠡᠴᠡᠯᠡᠵᠦ᠂ ᠪᠠᠶᠢᠭᠠᠯᠢ ᠶᠢᠨ ᠭᠠᠮᠰᠢᠭ ᠤᠨ ᠲᠥᠷᠥᠯ᠂ ᠨᠡᠶᠢᠭᠡᠮ ᠤᠨ ᠭᠠᠮᠰᠢᠭ ᠤᠨ ᠲᠥᠷᠥᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠪᠠ ᠪᠠᠴᠢᠮ ᠪᠠᠶᠢᠳᠠᠯ ᠢ ᠠᠷᠭᠠᠴᠠᠬᠤ ᠲᠡᠶᠢᠨ ᠤ ᠪᠡᠯᠡᠳᠬᠡᠯ ᠤᠨ ᠲᠥᠷᠥᠯ ᠵᠡᠷᠭᠡ ᠠᠪᠤᠷᠠᠨ ᠲᠤᠰᠠᠯᠠᠬᠤ ᠡᠳ᠋ ᠪᠣᠳᠠᠰ ᠪᠠ ᠪᠠᠭᠠᠵᠢ ᠬᠡᠷᠡᠭᠰᠡᠯ ᠢ ᠬᠠᠳᠠᠭᠠᠯᠠᠬᠤ ᠳᠤ ᠲᠤᠰᠬᠠᠶᠢᠯᠠᠨ ᠬᠡᠷᠡᠭᠯᠡᠨ᠎ᠡ᠃      ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠸᠠᠩ ᠶᠦᠩ ᠵᠢᠶᠦ᠋ᠨ ᠲᠠᠨᠢᠯᠴᠠᠭᠤᠯᠬᠤ ᠳᠠᠭᠠᠨ᠄ ︽ᠣᠳᠣᠬᠠᠨ ᠳᠤ᠂ ᠬᠥᠮᠥᠷᠭᠡ ᠶᠢᠨ ᠳᠣᠲᠣᠷ᠎ᠠ ᠨᠢᠭᠡᠨᠲᠡ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠵᠡᠷᠭᠡ ᠲᠠᠪᠤᠨ ᠶᠡᠭᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠢᠭᠡᠨᠲᠡ ᠬᠠᠳᠠᠭᠠᠯᠠᠭᠰᠠᠨ ᠪᠠᠶᠢᠨ᠎ᠠ᠃ ᠬᠠᠶᠢᠨᠠᠨ ᠲᠣᠭᠤᠷᠢᠭ ᠤᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠬᠦᠴᠦᠲᠡᠶ ᠳᠡᠮᠵᠢᠯᠭᠡ ᠬᠠᠩᠭᠠᠪᠠ᠃︾      ᠴᠢᠨᠠᠷ ᠰᠠᠶᠢᠲᠠᠶ ᠬᠠᠲᠠᠭᠤ ᠬᠡᠷᠡᠭᠰᠡᠯ ᠤᠨ ᠲᠥᠬᠦᠭᠡᠷᠦᠮᠵᠢ ᠳᠤ ᠪᠠᠰᠠ ᠣᠶᠤᠨᠴᠢ ᠵᠥᠭᠡᠯᠡᠨ ᠲᠣᠨᠤᠭ ᠤᠨ ᠲᠠᠪᠴᠠᠩ ᠢᠶᠠᠷ ᠲᠣᠬᠢᠷᠠᠭᠤᠯᠤᠯᠲᠠ ᠬᠢᠵᠦ᠂ ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠬᠡᠯᠲᠡᠰ ᠤᠨ ᠳᠣᠲᠣᠷ᠎ᠠ᠂ ᠠᠵᠢᠯᠲᠠᠳ ᠶᠠᠭ ︽ᠵᠢᠵᠢᠭ ᠵᠢᠭᠠᠰᠤᠨ ᠤ ᠰᠢᠰᠲ᠋ᠧᠮ︾ ᠢᠶᠠᠷ ᠳᠠᠮᠵᠢᠭᠤᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠴᠠᠭ ᠲᠤᠬᠠᠶ ᠳᠤᠨᠢ ᠨᠡᠪᠲᠡᠷᠡᠯᠴᠡᠨ ᠰᠤᠳᠤᠯᠤᠨ ᠮᠠᠭᠠᠳᠯᠠᠵᠤ ᠪᠠᠶᠢᠨ᠎ᠠ᠃ ᠠᠳᠡ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠪᠠᠷ ᠳᠠᠮᠵᠢᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠪᠣᠯᠤᠨ ᠣᠨᠣᠪᠴᠢ ᠶᠢᠨ ᠬᠡᠮᠵᠢᠶ᠎ᠡ ᠴᠥᠮ ᠶᠡᠭᠡ ᠪᠠᠷ ᠳᠡᠭᠡᠭᠰᠢᠯᠡᠵᠡᠶ᠃ ᠣᠳᠣᠬᠠᠨ ᠳᠤ᠂ ᠪᠣᠶ ᠪᠥᠬᠦᠶ ᠲᠥᠬᠦᠭᠡᠷᠦᠮᠵᠢ ᠶᠢ ᠴᠥᠮ ᠤᠭᠰᠠᠷᠠᠵᠤ ᠲᠤᠷᠰᠢᠨ ᠲᠣᠬᠢᠷᠠᠭᠤᠯᠵᠤ ᠳᠠᠭᠤᠰᠴᠤ᠂ ᠨᠢᠭᠡᠨᠲᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠪᠣᠳᠠᠲᠤ ᠪᠠᠶᠢᠯᠳᠤᠭᠠᠨ ᠤ ᠰᠢᠢᠳᠪᠦᠷᠢᠯᠡᠯᠲᠡ ᠶᠢ ᠨᠢᠭᠡ ᠴᠤᠭᠴᠠᠵᠢᠭᠤᠯᠤᠭᠰᠠᠨ ᠪᠥᠬᠦ ᠶᠠᠪᠤᠴᠠ ᠶᠢᠨ ᠰᠦᠯᠵᠢᠶᠡᠨ ᠳᠡᠭᠡᠷᠡᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠮᠡᠳᠡᠭᠡ ᠵᠠᠩᠭᠢ ᠶᠢ ᠳᠡᠭᠡᠷ᠎ᠡ ᠠᠴᠠ ᠳᠣᠷᠣᠭᠰᠢ ᠥᠨᠳᠥᠷ ᠪᠦᠲᠦᠮᠵᠢᠲᠡᠶ ᠪᠠᠷ ᠳᠠᠮᠵᠢᠭᠤᠯᠬᠤ ᠪᠠ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠪᠦᠬᠦᠯᠢ ᠴᠣᠭᠴᠠᠲᠤ ᠴᠢᠨᠠᠷ ᠬᠢᠭᠡᠳ ᠬᠠᠮᠵᠢᠯᠴᠠᠬᠤ ᠴᠢᠨᠠᠷ ᠢ ᠪᠦᠲᠦᠮᠵᠢᠲᠡᠶ ᠴᠢᠩᠭᠠᠳᠬᠠᠪᠠ᠃      ︽ᠡᠨᠡ ᠵᠢᠯ᠂ ᠪᠢᠳᠡ 296.25 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢ ᠥᠭᠡᠷᠡᠴᠢᠯᠡᠨ ᠳᠡᠰ ᠳᠡᠪᠰᠢᠭᠦᠯᠬᠦ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠤᠰᠬᠠᠢ ᠬᠡᠷᠡᠭᠯᠡᠪᠡ᠃ ᠨᠥᠭᠡᠴᠡᠯᠡᠬᠦ ᠬᠥᠮᠥᠷᠭᠡ ᠶᠢᠨ ᠡᠳ᠋ ᠪᠣᠳᠠᠰ ᠬᠠᠳᠠᠭᠠᠯᠠᠬᠤ ᠴᠢᠳᠠᠪᠤᠷᠢ᠂ ᠲᠣᠬᠢᠷᠠᠭᠤᠯᠬᠤ ᠦᠷ᠎ᠡ ᠪᠦᠲᠦᠮᠵᠢ ᠵᠢᠴᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠴᠥᠮ ᠳᠡᠭᠡᠭᠰᠢᠯᠡᠯᠲᠡ ᠲᠠᠢ ᠪᠣᠯᠵᠠᠶ︾ ᠭᠡᠪᠡ᠃ ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠪ ᠤᠨ ᠡᠷᠬᠢᠯᠡᠭᠴᠢ ᠯᠢᠦ ᠬᠠᠶ ᠯᠠᠩ ᠲᠠᠨᠢᠯᠴᠠᠭᠤᠯᠵᠠᠶ᠃      ︽ᠳᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠬᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢᠨ ᠡᠳ᠋ ᠪᠣᠳᠠᠰ ᠤᠨ ᠬᠠᠮᠢᠶᠠᠷᠤᠯᠲᠠ ᠪᠣᠯᠤᠨ ᠲᠤᠬᠢᠷᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠤᠨ ᠬᠠᠮᠵᠢᠯᠴᠠᠨ ᠪᠠᠶᠢᠯᠳᠤᠬᠤ ᠪᠣᠯᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠶᠢᠨ ᠲᠥᠯᠥᠭᠡ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠵᠤ᠂ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠠᠭᠤᠷᠢ ᠶᠢ ᠲᠠᠯᠪᠢᠵᠤ ᠥᠭᠭᠦᠨ᠎ᠡ︾ ᠭᠡᠵᠦ ᠬᠡᠯᠡᠪᠡ᠃ ᠬᠠᠶᠢᠨ᠋ᠠᠨ ᠲᠤᠬᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠷᠦ᠋ ᠨᠠᠨ ᠬᠡᠯᠡᠭᠰᠡᠨ ᠨᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号