ᠪᠠᠶᠠᠨᠲᠤᠬᠤᠢ ᠪᠠᠯᠭᠠᠰᠤ 2025 ᠣᠨ ᠤ 4 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/13
      2 ᠰᠠᠷ᠎ᠠ ᠶᠢᠨ 11 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2025 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠵᠦ ᠪᠠᠶᠢᠭ᠎ᠠ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠮᠠᠨ ᠤ ᠪᠠᠯᠭᠠᠰᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠴᠠᠭ ᠢᠮᠠᠭᠲᠠ ᠰᠠᠨᠠᠭ᠎ᠠ ᠠᠮᠤᠷ ᠦᠭᠡᠢ ᠲᠦᠭᠰᠢᠭᠦᠷᠢᠲᠦ ᠰᠡᠳᠬᠢᠯᠭᠡ ᠲᠠᠢ ᠪᠠᠶᠢᠵᠤ᠂ ᠭᠡᠮ ᠰᠣᠭᠤᠭ ᠪᠠᠶᠢᠬᠤ ᠦᠭᠡᠢ᠂ ᠠᠶᠤᠯ ᠲᠦᠭᠰᠢᠭᠦᠷᠢ ᠠᠮᠠᠷᠠᠬᠤ ᠦᠭᠡᠢ ᠪᠠᠶᠢᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠠᠮᠤᠷ ᠲᠦᠪᠰᠢᠨ ᠤ ᠵᠣᠪᠠᠭᠤᠷᠢ ᠶᠢ ᠴᠢᠩᠭ᠎ᠠ ᠠᠩᠬᠠᠷᠬᠤ ᠬᠡᠷᠡᠭᠲᠡᠢ᠃ ᠪᠠᠴᠢᠮ ᠲᠤᠯᠭᠠᠮ᠎ᠠ ᠰᠡᠳᠬᠢᠯᠭᠡ ᠲᠠᠢ ᠪᠠᠶᠢᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠦᠨᠳᠦ ᠶᠡᠭᠡ ᠠᠶᠤᠯ ᠲᠦᠭᠰᠢᠭᠦᠷᠢ ᠪᠣᠯᠤᠨ ᠭᠡᠮ ᠰᠣᠭᠤᠭ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠭᠠᠮᠰᠢᠭ ᠪᠣᠯᠤᠨ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠬᠥᠮᠦᠨ ᠪᠦᠬᠦᠨ ᠬᠤᠶᠢᠷᠭᠤᠰᠢᠬᠤ ᠦᠭᠡᠢ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠠᠮᠤᠷ ᠲᠦᠪᠰᠢᠨ ᠳᠤ ᠭᠠᠳᠠᠨᠠᠬᠢ ᠬᠥᠮᠦᠨ ᠪᠠᠶᠢᠬᠤ ᠦᠭᠡᠢ᠂ ᠡ᠊ᠨᠳᠡᠯ ᠳᠤ ᠠᠵᠠ ᠵᠠᠪᠰᠢᠶᠠᠨ ᠢᠶᠠᠷ ᠭᠤᠷᠢᠳᠠᠬᠤ ᠬᠥᠮᠦᠨ ᠪᠠᠶᠢᠬᠤ ᠦᠭᠡᠢ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠪᠠ ᠬᠠᠷᠢᠶ᠎ᠠ ᠭᠠᠵᠠᠷ᠂ ᠠᠵᠢᠯ ᠲᠦᠷᠦᠯ᠂ ᠠᠵᠤ ᠠᠬᠤᠶᠢᠯᠠᠯ ᠤᠨ ᠭᠤᠣᠯ ᠴᠣᠭᠴᠠ ᠭᠡᠬᠦ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠭᠤᠭᠴᠤᠭ᠎ᠠ ᠨᠢᠭᠡᠪᠦᠷᠢ ᠶᠢᠨ ᠠᠮᠤᠷ ᠲᠦᠪᠰᠢᠨ ᠢᠶᠠᠷ ᠪᠦᠬᠦ  ᠪᠠᠯᠭᠠᠰᠤᠨ  ᠤ  ᠪᠦᠬᠦ  ᠣᠷᠣᠨ ᠪᠦᠰᠡ ᠶᠢᠨ ᠠᠮᠤᠷ  ᠲᠦᠪᠰᠢᠨ  ᠢ ᠬᠠᠮᠠᠭᠠᠯᠠᠬᠤ ᠬᠡᠷᠡᠭᠲᠡᠢ᠃      ᠬᠤᠷᠠᠯ ᠠᠴᠠ᠂ ᠳᠠᠷᠤᠢ ᠲᠦᠷᠭᠡᠨ ᠰᠡᠳᠬᠢᠯ ᠰᠠᠨᠠᠭ᠎ᠠ ᠪᠠᠨ ᠬᠤᠷᠢᠶᠠᠵᠤ᠂ ︽ᠴᠠᠭ ᠪᠢᠳᠡᠨ ᠢ ᠬᠦᠯᠢᠶᠡᠬᠦ ᠦᠭᠡᠢ︾ ᠲᠤᠯᠭᠠᠮ᠎ᠠ ᠰᠡᠳᠬᠢᠯᠭᠡ ᠪᠠᠷ ᠠᠵᠢᠯ ᠳᠤ ᠣᠷᠣᠯᠴᠠᠬᠤ ᠬᠡᠷᠡᠭᠲᠡᠢ᠃ ᠤᠶᠤᠨ ᠰᠠᠨᠠᠭᠠᠨ ᠤ ᠳᠦᠷᠰᠦ ᠪᠠᠶᠢᠳᠠᠯ ᠢ ᠳᠠᠷᠦ᠋ᠢᠬᠠᠨ ᠰᠠᠶᠢᠲᠤᠷ ᠲᠤᠬᠢᠷᠠᠭᠤᠯᠵᠤ᠂ ︽ᠪᠠᠶᠠᠷ ᠤᠨ ᠡᠳᠦᠷ ᠤᠨ ᠪᠠᠶᠢᠳᠠᠯ︾ ᠠᠴᠠ ︽ᠠᠵᠢᠯ ᠤᠨ ᠵᠠᠭᠪᠤᠷ︾ ᠪᠣᠯᠭᠠᠨ ᠬᠤᠪᠢᠷᠠᠭᠤᠯᠵᠤ᠂ ᠵᠥᠪ ᠵᠠᠮ ᠳᠠᠭᠠᠨ ᠲᠦᠷᠭᠡᠨ ᠬᠦᠷᠴᠦ᠂ ᠦᠵᠡᠯ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ︽ᠡᠬᠢᠯᠡᠯᠲᠡ ᠪᠣᠯ ᠰᠢᠢᠳᠪᠦᠷᠢᠲᠦ ᠳᠠᠶᠢᠯᠠᠯᠳᠤᠭᠠᠨ᠂ ᠡᠬᠢᠯᠡᠯᠲᠡ ᠪᠣᠯ ᠳᠠᠷᠤᠢ ᠰᠢᠪᠲᠤᠯᠤᠯᠲᠠ ᠮᠥᠨ︾ ᠭᠡᠬᠦ ᠡᠷᠴᠢ ᠵᠣᠷᠢᠭ ᠢᠶᠠᠷ ᠬᠥᠳᠡᠯᠦᠯᠴᠡᠵᠦ᠂ ᠥᠨᠳᠥᠷ ᠪᠦᠲᠦᠮᠵᠢᠲᠡᠢ ᠰᠢᠪᠲᠤᠯᠤᠯᠲᠠ ᠬᠢᠵᠦ᠂ ᠡᠯ᠎ᠡ ᠵᠦᠢᠯ ᠤᠨ ᠠᠵᠢᠯ ᠢ ᠵᠠᠪᠰᠠᠷ ᠦᠭᠡᠢ ᠵᠣᠯᠭᠠᠭᠤᠯᠵᠤ᠂ ᠥᠨᠳᠥᠷ ᠪᠦᠲᠦᠮᠵᠢᠲᠡᠢ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠲᠠᠷᠢᠶᠠᠴᠢᠨ ᠲᠦᠮᠡᠨ ᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ ᠨᠡᠩ ᠪᠠᠲᠤᠳᠬᠠᠵᠤ᠂ ᠬᠥᠳᠡᠭᠡ ᠲᠣᠰᠬᠤᠨ ᠤ ᠭᠠᠵᠠᠷ ᠣᠷᠣᠨ ᠢ ᠨᠡᠩ ᠴᠡᠴᠡᠭᠯᠡᠭᠦᠯᠦᠨ ᠬᠥᠭᠵᠢᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ ᠬᠥᠭᠵᠢᠶᠡᠨᠲᠡᠢ ᠪᠣᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠳᠤᠷᠢᠳᠬᠤ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠯᠠᠭᠠᠨ ᠱᠤᠭᠤᠮ ᠤᠨ ᠤᠬᠠᠮᠰᠠᠷ ᠢ ᠪᠤᠢ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠨᠠᠷᠢᠨ ᠪᠣᠳᠠᠲᠠᠢ ᠠᠵᠢᠯ ᠤᠨ ᠪᠠᠷᠢᠮᠵᠢᠶ᠎ᠠ᠂ ᠴᠢᠩᠭ᠎ᠠ ᠲᠣᠳᠣᠷᠬᠠᠢ ᠠᠵᠢᠯ ᠤᠨ ᠰᠠᠬᠢᠯᠭ᠎ᠠ ᠪᠠᠲᠤ ᠪᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃      ᠬᠤᠷᠠᠯ ᠠᠴᠠ ︽ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠲᠤᠰᠢᠶᠠᠯ ᠤᠨ ᠲᠡᠰ ᠤᠨ ᠺᠠᠳ᠋ᠷ ᠤᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠬᠦ ᠲᠤᠬᠠᠢ ᠮᠡᠳᠡᠭᠳᠡᠯ︾ ᠢ ᠰᠤᠳᠤᠯᠤᠨ ᠪᠠᠲᠤᠯᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠬᠢᠵᠦ᠂ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠪᠣᠯᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠦᠬᠦ ᠵᠢᠯ ᠤᠨ ᠡᠯ᠎ᠡ ᠵᠦᠢᠯ ᠤᠨ ᠠᠵᠢᠯ ᠢ ᠠᠬᠢᠭᠤᠯᠬᠤ ᠳᠤ ᠲᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢᠨ ᠲᠥᠯᠥᠭᠡ ᠪᠦᠯᠬᠦᠮᠳᠡᠨ ᠲᠡᠮᠡᠴᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号