ᠯᠢᠦ ᠪᠦᠦ ᠴᠧᠩ ᠪᠦᠬᠦ ᠲᠣᠭᠤᠷᠢᠭ ᠤᠨ ᠭᠤᠣᠯᠳᠠᠯᠭ᠎ᠠ ᠲᠠᠢ ᠨᠡᠭᠦᠷᠡᠰᠦ᠂ ᠨᠡᠭᠦᠷᠡᠰᠦ ᠤᠬᠢᠶᠠᠬᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/13
      2 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠪᠦᠬᠦ ᠲᠤᠭᠤᠷᠢᠭ ᠤᠨ ᠭᠤᠣᠯᠳᠠᠯᠭ᠎ᠠ ᠲᠠᠢ ᠨᠡᠭᠦᠷᠡᠰᠦ᠂ ᠨᠡᠭᠦᠷᠡᠰᠦ ᠤᠬᠢᠶᠠᠬᠤ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ ᠣᠷᠣᠯᠴᠠᠪᠠ᠃      ᠯᠢᠦ ᠪᠦᠦ ᠴᠧᠩ ᠨᠡᠷ ᠤᠷᠢᠳ ᠬᠤᠵᠢᠳ ᠦᠬᠠᠶ ᠬᠤᠲᠠ ᠶᠢᠨ ᠭᠤᠸᠠᠩ ᠶᠤᠸᠠᠨ ᠨᠡᠭᠦᠷᠡᠰᠦ ᠤᠬᠢᠶᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠰᠢᠶᠠᠩ ᠤᠨ ᠨᠡᠭᠦᠷᠡᠰᠦᠨ ᠠᠭᠤᠷᠬᠠᠶ ︵ᠲᠦᠩ ᠳ᠋ᠡ ᠨᠡᠭᠦᠷᠡᠰᠦᠨ ᠠᠭᠤᠷᠬᠠᠶ︶᠂ ᠥᠪᠥᠷ ᠮᠣᠩᠭᠤᠯ ᠤᠨ ᠭᠤᠸᠠᠩ ᠶᠤᠸᠠᠨ ᠪᠦᠯᠦᠭᠯᠡᠯ ᠤᠨ ᠪᠦᠦ ᠴᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ︵ᠵᠠᠳᠠᠭᠠᠶ︶ ᠶᠢᠨ ᠨᠡᠭᠦᠷᠡᠰᠦᠨ ᠠᠭᠤᠷᠬᠠᠶ᠂ ᠤᠯᠤᠰ ᠤᠨ ᠡᠨᠧᠷᠭᠢ ᠶᠢᠨ ᠥᠪᠥᠷ ᠮᠣᠩᠭᠤᠯ ᠤᠨ ᠰᠢ ᠯᠠᠶ ᠹᠧᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ︵ᠦᠬᠠᠶ ᠶᠢᠨ ᠬᠠᠶᠢᠨᠠᠨ ᠲᠣᠭᠤᠷᠢᠭ︶ ᠶᠢᠨ ᠨᠡᠭᠦᠷᠡᠰᠦ ᠡᠳ᠋ᠰᠢᠭᠦᠯᠬᠦ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠶ ᠵᠦᠶ ᠵᠣᠬᠢᠰᠲᠠᠶ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠲᠡᠷᠡ᠂ ᠠᠵᠤ ᠠᠬᠤᠶᠢᠯᠠᠯ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠬᠠᠮᠰᠠᠷ ᠢ ᠪᠤᠢ ᠪᠣᠯᠭᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠨᠡᠭᠦᠷᠡᠰᠦᠨ ᠤ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠲᠡᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠶᠢᠨ ᠬᠠᠮᠲᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠡᠰ ᠳᠠᠷᠠᠭᠠᠯᠠᠯ ᠪᠠ ᠴᠠᠭ ᠤᠨ ᠠᠬᠢᠴᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠣᠷᠣᠨ ᠪᠦᠰᠡ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠤᠬᠠᠮᠰᠠᠷ ᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯᠭᠦᠢ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠵᠢᠯᠯᠠᠭᠠᠨ ᠢ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠦᠢᠯᠡᠴᠢᠯᠡᠭᠡᠨ ᠤ ᠪᠠᠲᠤᠯᠠᠭ᠎ᠠ ᠶᠢ ᠴᠠᠭ ᠲᠤᠬᠠᠶ ᠳᠤᠨᠢ ᠬᠠᠩᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠯ ᠵᠣᠷᠢᠭ ᠢᠶᠠᠨ ᠦᠷᠭᠦᠯᠵᠢᠯᠡᠨ ᠬᠥᠭᠵᠢᠭᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠬᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号