2 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ | ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ | ᠰᠤᠳᠤᠯᠵᠤ ᠵᠢᠭᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ ᠣᠷᠣᠯᠴᠠᠪᠠ᠃ | ᠯᠢᠦ ᠪᠦᠦ ᠴᠧᠩ ᠨᠡᠷ ᠤᠷᠢᠳ ᠬᠤᠵᠢᠳ ᠷᠠᠰᠢᠵᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠶᠢᠨ ᠬᠠᠢ ᠨᠡᠶᠢᠭᠡᠮ ᠲᠣᠭᠤᠷᠢᠭ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠥᠷᠨᠢᠭᠦᠯᠵᠡᠢ᠃ ᠶᠠᠷᠢᠯᠴᠠᠬᠤ | ᠬᠤᠷᠠᠯ ᠳᠡᠭᠡᠷ᠎ᠡ᠂ ᠯᠢᠦ ᠪᠦᠦ ᠴᠧᠩ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ | ᠰᠤᠷᠲᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ | ᠵᠢᠯᠣᠭᠤᠳᠬᠤ ᠰᠠᠨᠠᠯ ᠳᠤᠷᠠᠳᠴᠠᠢ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ︽ᠡᠷᠬᠢᠨ ᠬᠠᠷᠠᠬᠤ︾ ᠠᠵᠢᠯ ᠪᠣᠯ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨ᠎ᠡ ᠡᠷᠬᠡᠪᠰᠢ ᠥᠷᠨᠢᠭᠦᠯᠬᠦ ᠨᠢᠭᠡ ᠤᠳᠠᠭᠠᠨ ᠤ ᠦᠵᠡᠯ ᠰᠠᠨᠠᠭ᠎ᠠ᠂ | ᠰᠠᠬᠢᠯᠭ᠎ᠠ ᠪᠠᠲᠤ᠂ ᠰᠤᠷᠲᠠᠯ ᠤᠨ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠰᠬᠠᠶ ᠠᠵᠢᠯᠯᠠᠭ᠎ᠠ | ᠪᠣᠯᠤᠨ᠎ᠠ᠃ ᠷᠠᠰᠢᠵᠦ᠋ᠩ ᠵᠡᠭᠡᠯᠢ ᠭᠤᠳᠤᠮᠵᠢ ᠶᠢᠨ ᠬᠢᠨ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠴᠢᠩᠭ᠎ᠠ ᠬᠦᠴᠦᠲᠡᠢ ᠤᠯᠤᠰ ᠲᠦᠷᠦ ᠶᠢᠨ ᠡᠭᠦᠷᠭᠡᠯᠡᠯ | ᠪᠣᠯᠤᠨ ᠢᠴᠢᠭᠦᠷᠢ ᠭᠤᠳᠤᠮᠵᠢ ᠶᠢ ᠮᠡᠳᠡᠭᠰᠡᠨ ᠤ ᠳᠠᠷᠠᠭᠠᠬᠢ ᠡᠷᠡᠯᠬᠡᠭ ᠪᠠᠭᠠᠲᠤᠷᠯᠢᠭ ᠣᠪᠣᠷ ᠢᠶᠠᠷ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ | ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠳᠡᠷᠭᠡᠳᠡᠬᠢ ᠨᠡᠶᠢᠲᠡᠯᠢᠭ ᠬᠡᠷᠡᠭ ᠤᠨ ᠲᠤᠷᠰᠢᠯᠭ᠎ᠠ | ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠵᠦ ᠦᠩᠭᠡᠨ | ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠠᠭᠤᠷᠢ ᠶᠢ | ᠴᠢᠨᠠᠭᠰᠢᠳᠠ ᠪᠠᠬᠢᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ | ᠰᠤᠷᠲᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠠᠷ ᠳᠠᠮᠵᠢᠭᠤᠯᠵᠤ᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠵᠣᠷᠢᠭ | ᠰᠠᠨᠠᠭᠠᠨ ᠤ ᠮᠥᠨ ᠴᠢᠨᠠᠷ ᠪᠣᠯᠤᠨ ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠢᠨ | ᠲᠤᠬᠠᠢ ᠮᠡᠳᠡᠷᠡᠮᠵᠢ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠰᠤᠷᠤᠯᠴᠠᠯᠭ᠎ᠠ ᠶᠢᠨ | ᠦᠷ᠎ᠡ ᠪᠦᠲᠦᠮᠵᠢ ᠶᠢ ᠦᠨᠡᠨᠬᠦ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠯᠤᠰ ᠲᠦᠷᠦ ᠶᠢᠨ ᠦᠨᠡᠨᠴᠢ | ᠰᠢᠳᠤᠷᠭᠤ ᠶᠢ ᠪᠠᠲᠤᠳᠬᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠦᠵᠡᠯ ᠰᠠᠨᠠᠭᠠᠨ ᠤ | ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠬᠢᠵᠦ ᠦᠢᠯᠡᠰ | ᠪᠤᠰᠬᠠᠬᠤ ᠴᠤᠭ ᠰᠦᠯᠳᠡ ᠪᠠᠨ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ | ᠴᠡᠭᠴᠡᠯᠡᠨ ᠵᠠᠰᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠺᠠᠳ᠋ᠷ ᠤᠨ ᠡᠩᠨᠡᠭᠡ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠶᠢᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠮᠵᠢ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ |