2 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠬᠦᠬᠤᠰᠣ ᠪᠠᠯᠭᠠᠰᠤᠨ ᠤ ᠨᠠᠮ ᠤᠨ ᠬᠤᠷᠢᠶᠠᠨ ᠤ ᠰᠤᠷᠤᠯᠴᠠᠯᠭ᠎ᠠ | ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠶ ᠴᠡᠭᠴᠡᠯᠡᠨ ᠵᠠᠰᠠᠬᠤ | ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠪᠠᠢ ᠴᠦᠨ ᠯᠸᠢ ᠭᠦᠬᠤᠰᠣ ᠪᠠᠯᠭᠠᠰᠤᠨ ᠤ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠴᠡᠭᠴᠡᠯᠡᠨ ᠵᠠᠰᠠᠬᠤ | ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃ ᠲᠡᠷᠡ ᠬᠡᠯᠡᠬᠦ ᠳᠡᠭᠡᠨ᠂ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ | ᠰᠤᠷᠲᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ | ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠦᠨ᠂ ᠪᠠᠶᠢᠩᠭᠤ ᠠᠳᠬᠤᠬᠤ ᠶᠢ ᠴᠢᠬᠤᠯᠠᠴᠢᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ | ᠭᠤᠤᠯ ᠰᠡᠳᠦᠪᠲᠦ ᠨᠠᠮ ᠤᠨ ᠡᠳᠦᠷ᠂ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠵᠡᠷᠭᠡ | ᠠᠴᠢᠶᠠᠯᠠᠪᠤᠷᠢ ᠶᠢ ᠭᠦᠶ᠋ᠴᠡᠳ ᠠᠰᠢᠭᠯᠠᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠲᠦᠷᠢᠮ︾ ᠢ ᠲᠡᠷᠡ ᠬᠡᠪ ᠢᠶᠠᠷ ᠨᠢ ᠵᠤᠷᠪᠤᠰ ᠳᠠᠷᠠᠭᠠᠯᠠᠨ ᠰᠤᠷᠤᠯᠴᠠᠵᠤ᠂ ᠰᠠᠬᠢᠯᠭ᠎ᠠ ᠪᠠᠲᠤ ᠶᠢ | ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠵᠤ᠂ ᠰᠠᠬᠢᠯᠭ᠎ᠠ ᠪᠠᠲᠤ ᠶᠢ | ᠰᠠᠬᠢᠬᠤ ᠬᠡᠷᠡᠭᠲᠡᠶ ᠭᠡᠵᠡᠶ᠃ ᠥᠪᠡᠷ ᠢ ᠪᠠᠨ ᠭᠦᠨᠵᠡᠭᠡᠢ ᠪᠠᠶᠢᠴᠠᠭᠠᠵᠤ᠂ ᠳᠡᠷᠭᠡᠳᠡᠬᠢ ᠨᠡᠶᠢᠲᠡᠯᠢᠭ ᠬᠡᠷᠡᠭ ᠤᠨ | ᠲᠤᠷᠰᠢᠯᠭ᠎ᠠ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠨᠢᠭᠡ ᠤᠳᠠᠭ᠎ᠠ ᠶᠢᠨ ᠦᠵᠡᠯ ᠰᠠᠨᠠᠭ᠎ᠠ ᠶᠢ ︽ᠶᠡᠭᠡ ᠪᠠᠷ | ᠠᠷᠢᠯᠭᠠᠬᠤ︾᠂ ᠠᠰᠠᠭᠤᠳᠠᠯ ᠢ ︽ᠶᠡᠭᠡ ᠪᠠᠷ ᠰᠢᠢᠳᠪᠦᠷᠢᠯᠡᠬᠦ︾᠂ ᠰᠠᠬᠢᠯᠭ᠎ᠠ ᠪᠠᠲᠤ ᠶᠢ ︽ᠶᠡᠭᠡ ᠪᠠᠷ ᠴᠡᠭᠴᠡᠯᠡᠬᠦ︾᠂ | ᠰᠤᠷᠲᠠᠯ ᠢ ︽ᠶᠡᠭᠡ ᠪᠠᠷ ᠬᠤᠪᠢᠷᠠᠭᠤᠯᠵᠤ︾᠂ ᠺᠠᠳ᠋ᠷ ᠤᠨ ᠡᠩᠨᠡᠭᠡᠨ ᠤ ᠰᠢᠯᠢᠳᠡᠭ ᠰᠤᠷᠲᠠᠯ ᠢ ᠴᠢᠨᠠᠭᠰᠢᠳᠠ | ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠦᠩᠭᠡᠨ ᠲᠠᠯ᠎ᠠ ᠪᠠ | ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠴᠡᠭᠴᠡᠯᠡᠨ ᠵᠠᠰᠠᠬᠤ | ᠠᠵᠢᠯ ᠢ ᠥᠷᠨᠢᠭᠦᠯᠬᠦ ᠪᠠᠷ ᠳᠠᠮᠵᠢᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠵᠦᠷᠢᠶ᠎ᠡ ᠪᠠᠨ ᠡᠷᠢᠵᠦ᠂ | ᠦᠵᠡᠯ ᠰᠠᠨᠠᠭ᠎ᠠ ᠪᠠᠨ ᠪᠠᠶᠢᠴᠠᠭᠠᠵᠤ᠂ ᠦᠨᠳᠦᠰᠦ ᠰᠤᠷᠪᠤᠯᠵᠢ ᠶᠢ ᠨᠢ ᠪᠠᠶᠢᠴᠠᠭᠠᠵᠤ᠂ ᠠᠰᠠᠭᠤᠳᠠᠯ ᠤᠨ ᠡᠭᠦᠰᠦᠭᠰᠡᠨ | ᠰᠢᠯᠲᠠᠭᠠᠨ ᠢ ᠨᠢ ᠭᠦᠨᠵᠡᠭᠡᠢ ᠵᠠᠳᠠᠯᠵᠤ᠂ ᠰᠤᠷᠭᠠᠮᠵᠢ ᠠᠪᠴᠤ᠂ ᠵᠤᠷᠪᠤᠰ ᠳᠠᠷᠠᠭᠠᠯᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢ | ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ | ᠬᠡᠵᠡᠢ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠢ ᠴᠦᠨ ᠯᠸᠢ ᠪᠠᠰᠠ ᠦᠵᠦᠬᠦᠷ ᠤᠨ | ᠭᠤᠣᠯ ᠤᠨ ᠵᠠᠮ ᠤᠨ ᠭᠦᠨᠤᠰᠤᠨ ᠤ ᠬᠡᠰᠡᠭ ᠲᠤ ᠬᠦᠷᠴᠦ ᠭᠤᠣᠯ ᠴᠠᠭᠳᠠᠬᠤ ᠠᠵᠢᠯ ᠥᠷᠨᠢᠭᠦᠯᠪᠡ᠃ ᠲᠡᠷᠡ᠂ | ᠭᠤᠣᠯ ᠤᠨ ᠵᠠᠮ ᠢ ᠵᠠᠰᠠᠬᠤ ᠨᠢ ᠭᠤᠣᠯ ᠤᠨ ᠵᠠᠮ ᠤᠨ ᠦᠶᠡᠷ ᠵᠠᠯᠠᠬᠤ ᠠᠮᠤᠷ ᠲᠦᠪᠰᠢᠨ ᠲᠠᠢ ᠬᠤᠯᠪᠣᠭᠳᠠᠬᠤ ᠪᠠᠷ | ᠪᠠᠷᠠᠬᠤ ᠦᠭᠡᠢ᠂ ᠨᠡᠩ ᠴᠤ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠨᠥᠯᠥᠭᠡᠯᠡᠬᠦ ᠪᠠᠷ | ᠪᠠᠷᠠᠬᠤ ᠦᠭᠡᠢ᠂ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠭᠤᠣᠯ ᠤᠨ ᠵᠠᠮ ᠢ ᠵᠠᠰᠠᠬᠤ ᠶᠢᠨ ᠴᠢᠬᠤᠯᠠ | ᠴᠢᠨᠠᠷ ᠢ ᠭᠦᠢᠴᠡᠳ ᠲᠠᠨᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠯᠲᠠ ᠶᠢ | ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠬᠤ ᠶᠢᠨ ᠬᠠᠮᠲᠤ ᠭᠤᠣᠯ ᠤᠨ ᠵᠠᠮ ᠢ ᠪᠦᠬᠦ ᠲᠠᠯ᠎ᠠ ᠪᠠᠷ ᠬᠠᠮᠢᠶᠠᠷᠤᠨ | ᠬᠠᠮᠠᠭᠠᠯᠠᠬᠤ ᠪᠠᠨ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠰᠢᠢᠳᠪᠦᠷᠢᠯᠡᠵᠦ᠂ ᠭᠤᠣᠯ ᠮᠥᠷᠡᠨ ᠢ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠭᠤᠣᠯ ᠮᠥᠷᠡᠨ ᠢ | ᠬᠠᠮᠠᠭᠠᠯᠠᠬᠤ ᠳᠤ ᠬᠠᠷᠢᠭᠤᠴᠠᠯᠭ᠎ᠠ ᠡᠭᠦᠷᠭᠡᠯᠡᠬᠦ᠂ ᠭᠤᠣᠯ ᠮᠥᠷᠡᠨ ᠢ ᠵᠠᠰᠠᠬᠤ ᠳᠤ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃ |