2 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠬᠠᠶᠢᠨᠠᠨ ᠲᠣᠭᠤᠷᠢᠭ ᠤᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠰᠠᠶᠢᠨ ᠡᠬᠢᠯᠡᠯᠲᠡ︾ ᠶᠢᠨ | ᠬᠤᠯᠪᠣᠭᠳᠠᠯ ᠪᠥᠬᠦᠶ ᠪᠠᠶᠢᠳᠠᠯ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ | ᠭᠤᠤᠯᠳᠠᠯᠭ᠎ᠠ ᠲᠠᠢ ᠡᠭᠦᠷᠭᠡ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ | ᠴᠦᠨ ᠯᠸᠢ ᠬᠤᠷᠠᠯ ᠳᠤ ᠣᠷᠣᠯᠴᠠᠵᠤ᠂ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ᠂ ᠯᠢᠦ | ᠲᠢᠶᠠᠨ ᠴᠢᠩ ᠬᠤᠷᠠᠯ ᠳᠤ ᠣᠷᠣᠯᠴᠠᠪᠠ᠃ | ᠬᠤᠷᠠᠯ ᠠᠴᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠢᠯ ᠢ ᠲᠥᠯᠥᠪᠵᠢᠭᠦᠯᠦᠨ ᠪᠠᠶᠢᠷᠢᠰᠢᠭᠤᠯᠵᠤ᠂ | ᠡᠬᠢᠯᠡᠯᠲᠡ ᠶᠢᠨ ᠴᠠᠭ ᠦᠶ᠎ᠡ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠢᠷ ᠠᠴᠠ | ᠠᠶᠤᠬᠤ ᠰᠡᠳᠬᠢᠯᠭᠡ ᠶᠢ ᠲᠡᠪᠴᠢᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠲᠠᠶᠠᠭᠳᠠᠵᠤ᠂ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠵᠤ ᠠᠬᠤᠢ ᠶᠢᠨ | ᠨᠡᠮᠡᠭᠳᠡᠯ ᠢ ᠲᠣᠭᠲᠠᠪᠤᠷᠢᠵᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠢ | ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠲᠤᠬᠢᠷᠠᠭᠤᠯᠤᠨ ᠡᠵᠡᠮᠳᠡᠬᠦ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠵᠠᠳᠠᠯᠤᠨ ᠰᠤᠳᠤᠯᠵᠤ ᠮᠠᠭᠠᠳᠯᠠᠬᠤ ᠤᠳᠠᠭ᠎ᠠ ᠪᠠᠨ ᠨᠢᠭᠲᠠᠷᠠᠭᠤᠯᠵᠤ᠂ ᠬᠠᠨᠳᠤᠯᠭᠠᠲᠤ ᠴᠢᠨᠠᠷᠲᠠᠢ | ᠠᠷᠭ᠎ᠠ ᠬᠡᠮᠵᠢᠶ᠎ᠡ ᠠᠪᠴᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ | ᠪᠦᠬᠦ ᠲᠣᠭᠤᠷᠢᠭ ᠤᠨ ᠠᠵᠤ ᠠᠬᠤᠢ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠬᠤ ᠶᠢ ᠪᠠᠲᠤᠯᠠᠬᠤ ᠬᠡᠷᠡᠭᠲᠡᠢ | ᠭᠡᠵᠡᠢ᠃ ᠪᠦᠬᠦ ᠵᠢᠯ ᠤᠨ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠠᠳᠬᠤᠵᠤ᠂ ᠰᠡᠳᠬᠢᠯ ᠳᠡᠭᠡᠨ ᠬᠠᠳᠠᠩᠰᠢᠭᠤᠯᠵᠤ᠂ ᠬᠠᠮᠲᠤᠷᠠᠯ ᠬᠦᠴᠦᠨ ᠢ | ᠪᠦᠷᠢᠯᠳᠦᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠶᠢᠨᠠᠨ ᠲᠣᠭᠤᠷᠢᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠤᠶᠠᠯᠳᠤᠭᠤᠯᠤᠨ᠂ ︽ᠨᠢᠭᠡ ᠠᠵᠤ ᠠᠬᠤᠶᠢᠯᠠᠯ ᠳᠤ | ᠨᠢᠭᠡ ᠠᠷᠭ᠎ᠠ ᠪᠤᠳᠤᠯᠭ᠎ᠠ︾ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠪᠡᠯᠡ ᠬᠤᠷᠠᠮᠳᠤᠭᠤᠯᠬᠤ᠂ ᠡᠨᠧᠷᠭᠢ | ᠬᠡᠷᠡᠭᠯᠡᠬᠦ᠂ ᠠᠵᠢᠯᠴᠢᠨ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠬᠦ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠪᠦᠬᠦ | ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ | ᠬᠤᠷᠠᠯ ᠠᠴᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ | ᠬᠠᠶᠢᠨᠠᠨ ᠲᠣᠭᠤᠷᠢᠭ ᠤᠨ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠡᠭᠦᠷᠭᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠵᠢᠯ ᠪᠣᠯᠤᠨ᠎ᠠ᠂ ᠥᠴᠦᠬᠡᠨ | ᠴᠦ ᠬᠠᠰᠢ ᠶᠠᠰᠢ ᠪᠠᠶᠢᠵᠤ ᠪᠣᠯᠬᠤ ᠦᠭᠡᠢ᠂ ᠶᠠᠭᠠᠬᠢᠭᠰᠠᠨ ᠴᠤ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠤᠳᠠᠭ᠎ᠠ ᠪᠦᠷᠢ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ ᠴᠡᠭᠴᠡᠯᠡᠨ ᠰᠠᠶᠢᠵᠢᠷᠠᠭᠤᠯᠵᠤ | ᠳᠠᠭᠤᠰᠬᠠᠭᠰᠠᠨ ᠠᠰᠠᠭᠤᠳᠠᠯ ᠳᠤ ᠴᠠᠭ ᠲᠤᠬᠠᠢ ᠳᠤᠨᠢ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠡᠶᠡᠯᠡᠭᠦᠯᠦᠭᠡᠳᠦᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ | ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠨᠡᠨ ᠬᠦ ᠬᠦᠴᠦ ᠣᠷᠣᠭᠤᠯᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠡᠢ᠃ |