ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
     1 ᠰᠠᠷ᠎ᠠ ᠶᠢᠨ 16 ᠤ ᠡᠳᠦᠷ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠬᠤᠷᠠᠯ ᠠᠴᠠ ︽ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠄ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠢ᠃ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠵᠦ᠂ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠦᠵᠡᠯ ᠰᠠᠨᠠᠭᠠᠨ ᠤ ᠤᠬᠠᠮᠰᠠᠷ᠂  ᠤᠯᠤᠰ ᠲᠦᠷᠦ ᠶᠢᠨ  ᠤᠬᠠᠮᠰᠠᠷ᠂  ᠠᠵᠢᠯᠯᠠᠭᠠᠨ  ᠤ ᠤᠬᠠᠮᠰᠠᠷ  ᠢᠶᠠᠨ  ᠴᠢᠩᠭᠠᠳᠬᠠᠪᠠ᠃      ᠬᠤᠷᠠᠯ ᠠᠴᠠ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠷᠠᠯ ᠠᠴᠠ ᠡᠯ᠎ᠡ ᠰᠤᠷᠭᠠᠭᠤᠯᠢ ᠶᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠳᠠᠷᠦ᠋ᠢᠬᠠᠨ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠯ ᠤᠨ ᠠᠶᠤᠯ ᠭᠠᠷᠤᠮᠠᠭᠴᠠ ᠭᠡᠨᠡᠳᠲᠡ ᠶᠢᠨ ᠬᠡᠷᠡᠭ ᠢ ᠲᠦᠷᠭᠡᠨ ᠪᠥᠭᠡᠳ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠡᠭᠦᠨ ᠤ ᠬᠠᠮᠲᠤ᠂ 2024 ᠣᠨ ᠤ ᠵᠠᠩᠭᠢᠯᠠᠭ᠎ᠠ ᠶᠢᠨ ᠺᠠᠳ᠋ᠷ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠥᠬᠦ ᠲᠠᠯ᠎ᠠ ᠪᠠᠷ ᠳ᠋ᠦᠩᠨᠡᠵᠦ᠂ ᠰᠢᠨ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠠᠷᠭ᠎ᠠ ᠰᠦᠪᠡᠭᠴᠢᠯᠡᠨ ᠪᠠᠶᠢᠷᠢᠯᠠᠭᠤᠯᠤᠨ᠎ᠠ᠃ ᠬᠤᠷᠠᠯ ᠳᠡᠭᠡᠷ᠎ᠡ᠂ ᠡᠯ᠎ᠡ ᠵᠠᠩᠭᠢᠯᠠᠭ᠎ᠠ ᠶᠢᠨ ᠺᠠᠳ᠋ᠷ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠲᠠᠰ ᠳᠠᠷᠠᠭᠠᠯᠠᠨ ᠲᠤᠰᠢᠶᠠᠯ ᠤᠨ ᠮᠡᠳᠡᠭᠦᠯᠦᠯᠲᠡ ᠬᠢᠪᠡ᠃ ᠲᠣᠪᠴᠢᠶᠠᠨ ᠤ ᠤᠳᠤᠷᠢᠳᠤᠯᠭ᠎ᠠ ᠨᠢᠭᠡᠳ ᠨᠢᠭᠡ ᠪᠠᠷ ᠦᠨᠡᠯᠡᠵᠦ᠂ ᠠᠮᠵᠢᠯᠲᠠ ᠶᠢ ᠨᠤᠲᠠᠯᠠᠭᠰᠠᠨ ᠪᠥᠭᠡᠳ ᠠᠰᠠᠭᠤᠳᠠᠯ ᠢ ᠵᠢᠭᠠᠵᠤ ᠭᠠᠷᠭᠠᠪᠠ᠃ ᠵᠠᠩᠭᠢᠯᠠᠭ᠎ᠠ ᠶᠢᠨ ᠺᠠᠳ᠋ᠷᠴᠤᠳ ᠤᠨ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠯᠠᠪᠳᠠᠭᠤᠨ ᠪᠠᠲᠤᠲᠠᠢ ᠠᠵᠢᠯ ᠢᠶᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭᠠᠨ ᠤ ᠬᠤᠷᠠᠯ ᠨᠢ ᠠᠵᠢᠯ ᠤᠨ ᠴᠢᠭᠯᠡᠯ ᠢᠶᠠᠨ ᠲᠣᠳᠣᠷᠬᠠᠶ ᠪᠣᠯᠭᠠᠵᠤ᠂ ᠰᠢᠨ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠠᠵᠢᠯ ᠳᠤ ᠬᠥᠳᠡᠯᠭᠡᠬᠦ ᠬᠦᠴᠦᠨ ᠨᠡᠮᠡᠷᠢᠯᠡᠵᠦ᠂ ᠪᠥᠬᠦ ᠺᠠᠳ᠋ᠷᠴᠤᠳ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠤᠷᠭᠠᠨ ᠬᠥᠮᠦᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠵᠣᠷᠢᠭᠵᠢᠭᠤᠯᠵᠠᠶ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号