ᠲᠤᠭᠤᠷᠢᠭ ᠤᠨ ᠵᠠᠰᠠᠭ ᠤᠨ ᠣᠷᠳᠣᠨ ᠭᠤᠷᠪᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 13 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠭᠤᠷᠪᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠱᠢ ᠯᠢ ᠴᠢᠶᠠᠩ ᠬᠤᠷᠠᠯ ᠢ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠣᠣ ᠷᠦᠩ ᠪᠢᠶᠣᠤ ᠤᠷᠢᠯᠭ᠎ᠠ ᠪᠠᠷ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠦᠬᠤᠰᠣ ᠪᠠᠯᠭᠠᠰᠤ ᠪᠣᠯᠤᠨ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠣᠪᠣᠷ ᠢᠶᠠᠨ ᠢᠯᠡᠳᠬᠡᠬᠦ ᠦᠭᠡ ᠬᠡᠯᠡᠪᠡ᠃      ᠪᠠᠢ ᠴᠦᠨ ᠯᠸᠢ᠂ ᠤᠯᠤᠰ ᠲᠦᠷᠦ ᠶᠢᠨ ᠵᠢᠯᠣᠭᠤᠳᠤᠮᠵᠢ ᠶᠢ ᠦᠷᠭᠦᠯᠵᠢᠯᠡᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭᠠᠨ ᠤ ᠭᠦᠨ ᠠᠴᠠ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠴᠠᠭ ᠢᠮᠠᠭᠲᠠ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠠᠶᠢᠬᠤ ᠪᠠ ᠡᠷᠡᠰ ᠪᠠᠲᠤ ᠪᠠᠶᠢᠬᠤ ᠶᠢ ᠪᠠᠲᠤᠯᠠᠵᠤ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠭᠦᠨᠵᠡᠭᠡᠢ ᠰᠦᠪᠡᠭᠴᠢᠯᠡᠨ ᠪᠣᠳᠠᠲᠠᠶᠢᠵᠢᠭᠤᠯᠵᠤ᠂ ᠴᠢᠩᠭ᠎ᠠ ᠬᠦᠴᠦᠲᠡᠢ ᠬᠠᠷᠢᠭᠤᠴᠠᠯᠭ᠎ᠠ ᠨᠡᠬᠡᠮᠵᠢᠯᠡᠬᠦ ᠪᠠᠷ ᠤᠯᠤᠰ ᠲᠦᠷᠦ ᠶᠢᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠬᠡᠷᠡᠭᠵᠢᠭᠦᠯᠬᠦ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ᠃ ᠭᠠᠷ ᠲᠠᠬᠢ ᠡᠷᠬᠡ ᠪᠠᠨ ᠵᠢᠷᠤᠮᠵᠢᠭᠤᠯᠤᠨ ᠰᠠᠶᠢᠲᠤᠷ ᠬᠡᠷᠡᠭᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠲᠡᠮᠡᠴᠡᠬᠦ ᠤᠬᠠᠮᠰᠠᠷ ᠪᠠ ᠶᠡᠭᠡ ᠲᠠᠯ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠪᠤᠢ ᠪᠣᠯᠭᠠᠵᠤ᠂ ᠪᠤᠰᠢᠭᠤ ᠱᠠᠯᠠᠮᠠᠭᠠᠶ᠂ ᠴᠢᠩᠭ᠎ᠠ ᠠᠳᠬᠤᠨ ᠲᠦᠷᠭᠡᠨ ᠡᠷᠭᠢᠯᠡᠬᠦ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠵᠢᠯ ᠤᠨ ᠰᠤᠷᠲᠠᠯ ᠢᠶᠠᠨ ᠬᠤᠪᠢᠷᠠᠭᠤᠯᠬᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠪᠲᠤᠯᠤᠯᠲᠠ ᠶᠢᠨ ᠴᠡᠭ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠳᠥᠯᠭᠢᠨ ᠠᠬᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ ᠠᠵᠢᠯ ᠢᠶᠠᠨ ᠰᠠᠶᠢᠲᠤᠷ ᠬᠢᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠨᠢᠭᠡᠳᠦᠭᠡᠷ ᠤᠯᠠᠷᠢᠯ ᠤᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠬᠡᠪ ᠳᠠᠭᠤᠷᠢᠶᠠᠯ ᠢ ᠳᠡᠭᠡᠭᠰᠢᠯᠡᠭᠦᠯᠵᠦ᠂ ︽ᠡᠬᠢᠯᠡᠯᠲᠡ ᠨᠢ ᠪᠦᠬᠦ ᠲᠠᠯ᠎ᠠ ᠶᠢ ᠲᠣᠭᠲᠠᠭᠠᠵᠤ᠂ ᠬᠠᠨᠳᠤᠰᠢ ᠨᠢ ᠢᠯᠠᠯᠲᠠ ᠶᠢᠨ ᠬᠠᠨᠳᠤᠰᠢ ᠶᠢ ᠲᠣᠭᠲᠠᠭᠠᠬᠤ︾ ᠪᠠᠶᠢᠳᠠᠯ ᠢ ᠭᠠᠷᠭᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠴᠠᠭ ᠮᠥᠴᠡ ᠶᠢ ᠠᠯᠳᠠᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠨᠢᠭᠡᠳᠦᠭᠡᠷ ᠰᠢᠳᠠᠮ︾ ᠢ ᠴᠢᠷᠮᠠᠶᠢᠨ ᠰᠠᠶᠢᠲᠤᠷ ᠭᠦᠶᠦᠵᠦ᠂ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠠᠭ ᠢᠮᠠᠭᠲᠠ ᠠᠷᠠᠳ ᠤᠨ ᠲᠥᠯᠥᠭᠡ ᠵᠢᠳᠬᠦᠬᠦ ᠰᠡᠳᠬᠢᠯ ᠢ ᠡᠪᠦᠷᠯᠡᠵᠦ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠦᠨᠡᠯᠡᠨ ᠵᠢᠱᠢᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ᠂ ᠳᠡᠭᠡᠳᠦ ᠱᠠᠲᠤᠨ ᠤ ᠪᠡᠯᠡ ᠮᠥᠩᠭᠦ ᠶᠢᠨ ᠬᠡᠷᠡᠭᠯᠡᠯᠲᠡ ᠵᠡᠷᠭᠡ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠣᠬᠢᠴᠠᠩᠭᠤᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠶᠢᠨ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠵᠤ᠂ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ ᠬᠡᠷᠡᠭᠲᠡᠢ᠃ ᠢᠯᠵᠢᠷᠡᠯ ᠢ ᠴᠢᠩᠭ᠎ᠠ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨᠬᠦ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠲᠤᠬᠠᠶᠢᠯᠠᠭᠰᠠᠨ ᠠᠵᠢᠯ ᠢ ᠰᠠᠶᠢᠲᠤᠷ ᠠᠳᠬᠤᠬᠤ ᠪᠠᠷ ᠪᠠᠷᠠᠬᠤ ᠦᠭᠡᠢ ᠪᠠᠰᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠳᠤᠷᠢᠳᠤᠯᠭ᠎ᠠ ᠲᠠᠭᠠᠭᠤᠯᠤᠭᠴᠢ ᠪᠣᠯᠬᠤ ᠦᠢᠯᠡᠳᠦᠯ ᠢ ᠪᠠᠳᠠᠷᠠᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠦᠯᠢᠭᠡᠷ ᠳᠠᠭᠤᠷᠢᠶᠠᠯ ᠪᠤᠯᠵᠤ᠂ ᠲᠦᠷᠦᠯ ᠰᠠᠳᠤᠨ ᠪᠠ ᠳᠡᠷᠭᠡᠳᠡᠬᠢ ᠠᠵᠢᠯᠲᠠᠨ ᠢᠶᠠᠨ ᠴᠢᠩᠭ᠎ᠠ ᠬᠢᠵᠠᠭᠠᠷᠯᠠᠵᠤ᠂ ︽ᠢᠯᠵᠠᠷᠠᠬᠤ ᠶᠢ ᠪᠤᠳᠤᠬᠤ ᠦᠭᠡᠢ︾ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃          ᠬᠤᠷᠠᠯ ᠠᠴᠠ᠂ ᠴᠠᠭᠠᠨ ᠰᠠᠷ᠎ᠠ ᠰᠠᠶ᠋ᠢᠬᠠᠨ ᠥᠩᠭᠡᠷᠡᠵᠦ᠂ ᠡᠯ᠎ᠡ ᠠᠵᠤ ᠠᠬᠤᠶᠢᠯᠠᠯ ᠵᠠᠯᠭᠠᠭ᠎ᠠ ᠪᠠᠷ ᠦᠢᠯᠡᠳᠪᠦᠷᠢᠯᠡᠯ ᠢᠶᠠᠨ ᠰᠡᠷᠭᠦᠭᠡᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠤᠬᠠᠮᠰᠠᠷ ᠢ ᠤᠯᠠᠮ ᠴᠢᠨᠠᠭᠰᠢᠳᠠ ᠪᠠᠬᠢᠵᠢᠭᠦᠯᠵᠦ᠂ ︽ᠭᠡᠮ ᠰᠣᠭᠤᠭ ᠪᠣᠯ ᠳᠠᠷᠤᠢ ᠠᠳᠡᠯ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠯ ᠢ ᠰᠡᠷᠭᠡᠶᠢᠯᠡᠬᠦ ᠠᠮᠤᠷ ᠲᠦᠪᠰᠢᠨ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠠᠭᠤᠷᠬᠠᠢ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠴᠢᠩᠭ᠎ᠠ ᠠᠳᠬᠤᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号