2 ᠰᠠᠷ᠎ᠠ ᠶᠢᠨ 13 ᠤ ᠡᠳᠦᠷ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠤᠢ ᠪᠢᠨ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2025 ᠣᠨ ᠤ 3 ᠳ᠋ᠤᠭᠠᠷ ᠬᠤᠭᠤᠴᠠᠭᠠᠨ ᠳᠤ | ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ | ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠪᠣᠯᠤᠨ ︽ᠰᠢᠨ᠎ᠡ | ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ | ᠢ ᠬᠠᠮᠲᠤ ᠪᠠᠷ ᠰᠤᠷᠤᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ | ᠦᠨᠳᠦᠰᠦᠨ ᠵᠢᠷᠤᠮᠯᠠᠯ ᠪᠣᠯᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠭᠤᠯᠭ᠎ᠠ ᠶᠢ | ᠴᠢᠩᠭ᠎ᠠ ᠠᠩᠬᠠᠷᠴᠤ᠂ 2025 ᠣᠨ ᠤ ᠵᠥᠪᠳᠡᠯᠴᠡᠨ ᠪᠠᠶᠢᠴᠠᠭᠠᠨ ᠰᠤᠳᠤᠯᠤᠯᠲᠠ ᠬᠢᠬᠦ᠂ ᠠᠷᠠᠳᠴᠢᠯᠠᠯ ᠢᠶᠠᠷ | ᠬᠢᠨᠠᠯᠲᠠ ᠲᠠᠯᠪᠢᠬᠤ᠂ ᠡᠲᠡᠭᠡᠳ ᠤᠨ ᠢᠯᠭᠠᠯ ᠤᠨ ᠠᠵᠢᠯᠯᠠᠭ᠎ᠠ ᠵᠡᠷᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠣᠬᠢᠶᠠᠨ ᠪᠠᠶᠢᠭᠤᠯᠵᠤ᠂ ᠭᠠᠵᠠᠷ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠱᠠᠭᠠᠷᠳᠠᠯᠭ᠎ᠠ ᠶᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠡᠩᠨᠡᠭᠡᠨ ᠤ ᠬᠠᠮᠢᠶᠠᠷᠤᠯᠲᠠ ᠶᠢᠨ ᠡᠯ᠎ᠡ | ᠲᠠᠯ᠎ᠠ ᠳᠤ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ | ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠤᠳᠤᠷᠢᠳᠬᠤ | ᠺᠠᠳ᠋ᠷ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ | ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ | ᠲᠦᠷᠦᠯ ᠰᠠᠳᠤᠨ ᠤ ᠦᠷ᠎ᠡ ᠬᠡᠦᠬᠡᠳ ᠢᠶᠠᠨ ᠰᠠᠶᠢᠲᠤᠷ ᠬᠠᠮᠢᠶᠠᠷᠴᠤ᠂ ᠤᠯᠤᠰ ᠢᠶᠠᠨ ᠬᠠᠶᠢᠷᠠᠯᠠᠵᠤ ᠭᠡᠷ ᠢᠶᠠᠨ | ᠬᠠᠶᠢᠷᠠᠯᠠᠬᠤ᠂ ᠥᠭᠡᠳᠡᠯᠡᠨ ᠲᠠᠪᠰᠢᠬᠤ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠬᠤ | ᠬᠡᠷᠡᠭᠲᠡᠢ᠃ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ |