ᠯᠢᠦ ᠪᠦᠦ ᠴᠧᠩ ᠭᠤᠣᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠣᠯ ᠴᠠᠭᠳᠠᠪᠠ
ᠨᠡᠶᠢᠲᠡᠯᠡᠭᠰᠡᠨ ᠴᠠᠭ᠄
2025/2/17
      2 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠭᠤᠣᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠤᠯ ᠴᠠᠭᠳᠠᠬᠤ ᠠᠵᠢᠯ ᠢ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠬᠠᠷᠠᠩᠭᠤᠢ ᠭᠤᠣᠯ ᠤᠨ ᠪᠠᠷᠠᠭᠤᠨ ᠣᠷᠠᠨᠳᠦ᠋ᠰᠢ ᠶᠢᠨ ᠬᠡᠰᠡᠭ᠂  ᠯᠣᠡᠭ᠌ᠰᠢᠳᠠᠷ ᠭᠤᠣᠯ᠂ ᠦᠵᠦᠬᠦᠷ ᠤᠨ ᠭᠤᠣᠯ ᠬᠤᠩ ᠽᠤᠤ ᠲᠠᠢ ᠪᠣᠯᠤᠨ ᠬᠡᠰᠡᠭ ᠵᠡᠷᠭᠡ ᠭᠠᠵᠠᠷ ᠲᠤ᠂ ᠯᠢᠦ ᠪᠦᠦ ᠴᠧᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠭᠤᠣᠯ ᠤᠨ ᠵᠠᠮ ᠤᠨ ︽ᠲᠦᠷᠪᠡᠨ ᠰᠠᠮᠠᠭᠤᠷᠠᠯ︾ ᠤᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠵᠤ᠂ ᠳᠠᠷᠠᠭᠠᠴᠢ ᠶᠢᠨ ᠱᠠᠲᠤᠨ ᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠤᠨ ᠵᠠᠮ ᠢ ᠵᠠᠰᠠᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠷᠡᠰ ᠰᠢᠭᠤᠷᠬᠠᠢ ᠣᠪᠣᠷ ᠪᠠ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠤᠨ ᠵᠠᠮ ᠤᠨ ︽ᠳᠥᠷᠪᠡᠨ ᠰᠠᠮᠠᠭᠤᠨ︾ ᠢ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠲᠤᠪᠤᠶᠢᠯᠭᠠᠵᠦ᠂ ᠴᠡᠭᠴᠡᠯᠡᠨ ᠵᠠᠰᠠᠬᠤ ᠲᠥᠰᠦᠯ ᠢ ᠴᠢᠨᠠᠭᠰᠢᠳᠠ ᠲᠡᠭᠦᠯᠳᠡᠷᠵᠢᠭᠦᠯᠵᠦ᠂ ᠭᠤᠣᠯ ᠤᠨ ᠵᠠᠮ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠨᠢᠭᠡᠳ ᠨᠢᠭᠡ ᠪᠠᠷ ᠳ᠋ᠤᠭᠠᠷ ᠬᠠᠰᠤᠵᠤ᠂ ᠭᠤᠣᠯ ᠤᠨ ᠵᠠᠮ ᠤᠨ ︽ᠲᠦᠷᠪᠡᠨ ᠰᠠᠮᠠᠭᠤᠨ︾ ᠤ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ︽ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠪᠠᠶᠢᠭᠤᠯᠬᠤ︾ ᠵᠡᠷᠭᠡ ᠳᠤᠪᠤᠶᠢᠮ᠎ᠠ ᠠᠰᠠᠭᠤᠳᠠᠯ ᠢ ᠨᠢᠭᠡ ᠶᠢ ᠢᠯᠡᠷᠡᠭᠦᠯᠵᠦ᠂ ᠨᠢᠭᠡ ᠶᠢ ᠴᠡᠪᠡᠷᠯᠡᠵᠦ᠂ ᠤᠰᠤ ᠶᠢ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠤᠰᠤ ᠶᠢ ᠰᠠᠬᠢᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号