ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2025 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/17
      2 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2025 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠳᠠᠭᠠᠨ᠂ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠨᠡᠮᠡᠭᠳᠡᠯ ᠤᠨ ᠬᠦᠴᠦᠯᠡᠬᠦ ᠴᠡᠭ᠂ ᠲᠤᠯᠭᠠᠭᠤᠷᠢᠯᠠᠬᠤ ᠴᠡᠭ ᠢ ᠭᠦᠨᠵᠡᠭᠡᠶ ᠵᠠᠳᠠᠯᠵᠤ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠵᠤ ᠠᠬᠤᠶ ᠶᠢᠨ ᠨᠡᠮᠡᠭᠳᠡᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠳᠬᠤᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠲᠦᠷᠭᠡᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠢᠭᠡᠳᠦᠭᠡᠷ ᠤᠯᠠᠷᠢᠯ ᠳᠤ ᠪᠦᠬᠦᠨ ᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠬᠦᠴᠢᠷ ᠲᠦᠪᠡᠭᠲᠡᠢ ᠠᠰᠠᠭᠤᠳᠠᠯ ᠤᠨ ᠲᠣᠭᠤᠷᠢᠨ ᠳᠤ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠶᠢ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠦᠢᠯᠡᠳᠪᠦᠷᠢᠯᠡᠯ ᠢ ᠲᠦᠷᠭᠡᠨ ᠥᠷᠭᠡᠳᠬᠡᠵᠦ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠠᠮᠵᠢᠯᠴᠠᠨ ᠬᠥᠭᠵᠢᠬᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠪᠠᠷ ᠭᠠᠷᠳᠠᠴᠠ ᠪᠣᠯᠭᠠᠵᠤ᠂ ᠰᠤᠷᠭᠠᠨ ᠬᠥᠮᠦᠵᠢᠯ ᠡᠮ ᠡᠮᠨᠡᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠤᠭᠠᠴᠠᠯ ᠤᠨ ᠦᠢᠯᠡᠴᠢᠯᠡᠭᠡ ᠵᠡᠷᠭᠡ ᠬᠦᠷᠢᠶᠡᠨ ᠤ ᠲᠣᠭᠤᠷᠢᠨ ᠳᠤ᠂ ᠠᠵᠢᠯ ᠤᠨ ᠭᠠᠷᠳᠠᠬᠤ ᠴᠡᠭ ᠢ ᠣᠨᠣᠪᠴᠢᠲᠠᠢ ᠣᠯᠵᠤ᠂ ᠨᠢᠭᠡ ᠪᠦᠯᠦᠭ ᠪᠣᠳᠠᠲᠤ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ  ᠬᠤᠯᠪᠣᠭᠳᠠᠯ ᠪᠦᠬᠦᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠶᠠᠪᠤᠳᠠᠯ ᠤᠨ ᠬᠦᠷᠢᠶᠡᠨ ᠤ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠠᠷᠠᠭᠠᠯᠬᠢᠯᠠᠯᠳᠤ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠶᠢᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠵᠢᠷᠭᠤᠭᠠᠨ ᠢᠨᠵᠧᠨᠧᠷᠢᠩ︾ ᠤᠨ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠪᠦᠲᠦᠮᠵᠢᠲᠡᠶ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠣᠨ ᠤ ᠬᠠᠷᠠᠯᠲᠠ ᠡᠭᠦᠷᠭᠡ ᠲᠠᠢ ᠬᠠᠷᠢᠴᠠᠭᠤᠯᠤᠨ ᠨᠢᠭᠡ ᠵᠦᠶ᠋ᠯ ᠤᠨ ᠣᠷᠬᠢᠭᠳᠠᠯ ᠢ ᠪᠠᠶᠢᠴᠠᠭᠠᠨ ᠨᠥᠬᠦᠪᠥᠷᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠥᠬᠦ ᠵᠢᠯ ᠤᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ᠂ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ ᠪᠠᠰᠠ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ︾᠂ ︽ᠬᠠᠶᠢᠨᠠᠨ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠠᠵᠢᠯ ᠤᠨ ᠲᠥᠰᠦᠯ︾ ᠢ ᠬᠢᠨᠠᠨ ᠵᠥᠪᠯᠡᠵᠦ᠂ ︽ᠵᠢᠷᠭᠤᠭᠠᠨ ᠠᠵᠢᠯᠯᠠᠭ᠎ᠠ︾ ᠶᠢᠨ ᠬᠠᠮᠢᠶ᠎ᠠ ᠪᠥᠬᠦᠶ ᠲᠥᠰᠦᠯ ᠢ ᠰᠤᠳᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号