2 ᠰᠠᠷ᠎ᠠ ᠶᠢᠨ 17 ᠤ ᠡᠳᠦᠷ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ | ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠮᠢᠩ᠂ ᠳᠡᠳ᠋ ᠡᠷᠬᠢᠯᠡᠭᠴᠢ ᠭᠦᠸᠧ ᠬᠠᠶ | ᠯᠦᠩ᠂ ᠵᠢᠶᠠᠩ ᠷᠦᠢ᠂ ᠳ᠋ᠤᠸᠠᠨ ᠺᠧ ᠵᠢᠩ᠂ ᠪᠠᠶ ᠰᠢᠤᠢ ᠨᠠᠷ ᠮᠠᠨ ᠤ ᠲᠣᠭᠤᠷᠢᠭ ᠲᠤ ᠪᠠᠶᠢᠴᠠᠭᠠᠨ ᠰᠤᠳᠤᠯᠤᠯᠲᠠ | ᠬᠢᠵᠦ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢᠨ ᠰᠢᠨ᠎ᠡ ᠠᠵᠠ | ᠲᠣᠬᠢᠶᠠᠯ ᠢ ᠬᠠᠮᠲᠤ ᠪᠠᠷ ᠰᠦᠪᠡᠭᠴᠢᠯᠡᠬᠦ ᠪᠠᠷ ᠵᠣᠷᠢᠯᠭ᠎ᠠ ᠪᠠᠨ ᠪᠣᠯᠭᠠᠪᠠ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠶᠠᠪᠤᠴᠠ ᠳᠤ ᠪᠠᠷ᠎ᠠ | ᠪᠣᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ | ᠯᠢᠦ ᠲᠢᠶᠠᠨ ᠴᠢᠩ᠂ ᠵᠠᠩ ᠨᠢᠩ ᠣᠷᠣᠯᠴᠠᠪᠠ᠃ | ᠲᠢᠶᠠᠨ ᠰᠢᠤᠸᠠᠢ ᠮᠢᠩ ᠨᠡᠷ ᠤᠷᠢᠳ ᠬᠤᠵᠢᠳ ᠥᠪᠥᠷ ᠮᠣᠩᠭᠤᠯ ᠤᠨ ᠦᠬᠠᠶ ᠶᠢᠨ ᠶᠠ ᠳ᠋ᠦᠩ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠶ ᠶᠢᠨ ᠾᠧᠢ ᠮᠤᠤ ᠨᠡᠭᠦᠷᠡᠰᠦᠨ ᠤ ᠬᠠᠷ᠎ᠠ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ ᠵᠡᠷᠭᠡ ᠭᠠᠵᠠᠷ ᠲᠤ ᠬᠦᠷᠴᠦ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠵᠢᠴᠢ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠤᠬᠠᠶ ᠶᠢᠨ | ᠭᠠᠵᠠᠷ ᠲᠤᠨᠢ ᠣᠶᠢᠯᠠᠭᠠᠪᠠ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠬᠢᠪᠠ᠃ ᠬᠤᠶᠠᠷ ᠲᠠᠯ᠎ᠠ ᠪᠠᠷ ᠢᠶᠠᠨ ᠬᠠᠶᠢᠨᠠᠨ ᠤ ᠠᠵᠤ ᠦᠢᠯᠡᠰ ᠤᠨ | ᠬᠦᠷᠢᠶᠡᠯᠡᠩ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ | ᠦᠨᠳᠦᠰᠦᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ᠂ ᠵᠠᠮ ᠬᠠᠷᠢᠯᠴᠠᠭᠠᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠣᠷᠣᠨ | ᠠᠯᠤᠰᠯᠠᠨ ᠨᠡᠶᠢᠳᠡᠮ ᠭᠦᠢᠴᠡᠳᠬᠡᠬᠦ ᠵᠡᠷᠭᠡ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠴᠢᠭᠯᠡᠯ ᠤᠨ | ᠲᠣᠭᠤᠷᠢᠨ ᠳᠤ ᠵᠣᠯᠭᠠᠭᠤᠯᠤᠨ ᠰᠣᠯᠢᠯᠴᠠᠵᠠᠢ᠃ ᠪᠠᠶ ᠴᠦᠨ ᠯᠸᠢ ᠬᠠᠶᠢᠨᠠᠨ ᠲᠣᠭᠤᠷᠢᠭ ᠢ ᠲᠥᠯᠥᠭᠡᠯᠡᠨ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠷᠴᠦ ᠢᠷᠡᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠤᠢᠢᠷ᠎ᠠ ᠶᠢᠨ ᠵᠢᠯ ᠠᠴᠠ᠂ ᠬᠠᠶᠢᠨᠠᠨ | ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ︽ᠵᠢᠷᠭᠤᠭᠠᠨ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢ | ᠴᠢᠩᠭ᠎ᠠ ᠠᠩᠬᠠᠷᠴᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ | ᠠᠯᠬᠤᠪᠠ᠃ 2025 ᠣᠨ ᠳᠤ᠂ ᠬᠠᠶᠢᠨᠠᠨ ᠲᠣᠭᠤᠷᠢᠭ ᠨᠢ ︽ᠲᠠᠪᠤᠨ ᠶᠡᠭᠡ ᠡᠭᠦᠷᠭᠡ︾ ᠶᠢ ᠯᠠᠪᠳᠠᠭᠤᠨ ᠪᠠᠲᠤᠲᠠᠶ | ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ︽ᠪᠣᠭᠤᠮᠲᠠ ᠰᠢᠪᠲᠤᠯᠬᠤ ᠣᠨ︾ ᠢ ᠡᠷᠡᠰ ᠰᠠᠶᠢᠲᠤᠷ ᠬᠢᠬᠦ ᠪᠣᠯᠤᠨ᠎ᠠ᠃ | ᠡᠭᠦᠨ ᠤ ᠬᠠᠮᠲᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠡᠷᠬᠢᠨ ᠲᠣᠭᠤᠷᠢᠨ ᠤ ᠠᠶᠢᠮᠠᠭ ᠬᠤᠲᠠ ︵ᠬᠤᠰᠢᠭᠤ ᠰᠢᠶᠠᠨ︶ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠨ ᠬᠠᠮᠵᠢᠯᠴᠠᠨ ᠬᠠᠷᠢᠯᠴᠠᠨ ᠨᠥᠬᠦᠪᠥᠷᠢᠯᠡᠬᠦ᠂ | ᠠᠮᠢ ᠠᠬᠤᠶ ᠣᠷᠴᠢᠨ ᠲᠣᠭᠤᠷᠢᠨ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠰᠠᠭᠤᠷᠢ | ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠣᠷᠣᠨ ᠪᠦᠰᠡ ᠶᠢᠨ | ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ | ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠤᠨᠴᠠᠯᠢᠬᠳᠤ ᠠᠵᠤ ᠦᠢᠯᠡᠰ ᠢ ᠬᠠᠮᠲᠤ ᠪᠠᠷ ᠪᠠᠶᠢᠭᠤᠯᠬᠤ᠂ ᠠᠵᠤ | ᠠᠬᠤᠶᠢᠯᠠᠯ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠬᠢ ᠤᠯᠤᠯᠴᠠᠭ᠎ᠠ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠭᠠᠷ ᠬᠤᠯᠪᠣᠯᠴᠠᠨ ᠣᠷᠣᠨ ᠪᠦᠰᠡ ᠶᠢᠨ ᠬᠠᠮᠲᠤᠷᠠᠯᠴᠠᠭᠠᠨ ᠤ ᠲᠥᠪ ᠲᠣᠭᠤᠷᠢᠭ ᠢ ᠰᠠᠶᠢᠲᠤᠷ | ᠵᠢᠷᠤᠵᠤ᠂ ᠬᠤᠣᠰ ᠠᠮᠵᠢᠯᠲᠠ ᠤᠯᠬᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠲᠢᠶᠠᠨ ᠰᠢᠤᠸᠠᠢ ᠮᠢᠩ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠪᠣᠯᠤᠨ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠠᠵᠤ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠮᠠᠰᠢ ᠴᠢᠩᠭ᠎ᠠ ᠬᠠᠷᠢᠯᠴᠠᠨ ᠨᠥᠬᠦᠪᠥᠷᠢᠯᠡᠬᠦ ᠴᠢᠨᠠᠷ ᠲᠠᠢ ᠪᠠᠶᠢᠵᠤ᠂ ᠬᠤᠶᠠᠷ | ᠲᠠᠯ᠎ᠠ ᠪᠠᠷ ᠢᠶᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠠᠷᠠᠯᠲᠠ | ᠪᠣᠯᠭᠠᠵᠤ᠂ ᠠᠵᠤ ᠦᠢᠯᠡᠰ ᠤᠨ ᠬᠥᠭᠵᠢᠯᠲᠡ᠂ ᠡᠯᠧᠮᠧᠨ᠋ᠲ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠭᠠᠵᠠᠷ ᠤᠨ | ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠪᠠᠯ ᠵᠣᠬᠢᠨ᠎ᠠ ᠭᠡᠵᠡᠢ᠃ |