ᠪᠠᠶ ᠴᠦᠨ ᠯᠸᠢ ᠭᠤᠤᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠵᠢᠴᠢ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠳᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/19
      2 ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠭᠤᠤᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠵᠢᠴᠢ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠶᠠᠩ ᠽᠧ ᠢᠦᠢ ᠣᠷᠣᠯᠴᠠᠪᠠ᠃      ᠪᠠᠶ ᠴᠦᠨ ᠯᠸᠢ ᠨᠠᠷ ᠤᠷᠢᠳ ᠬᠤᠵᠢᠳ ᠬᠠᠷᠡᠭᠭᠤᠢ ᠭᠤᠣᠯ ᠤᠨ ᠤᠰᠤᠨ ᠤ ᠡᠬᠢ ᠪᠠᠶᠠᠯᠢᠭ ᠤᠨ ᠠᠮᠢ ᠠᠬᠤᠶ ᠶᠢ ᠰᠡᠷᠭᠦᠭᠡᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ᠂ ᠰᠧ ᠳ᠋ᠤᠤ ᠴᠢᠤᠸᠠᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠲᠤᠬᠠᠶ ᠶᠢᠨ ᠲᠠᠯᠠᠪᠠᠶ ᠵᠡᠷᠭᠡ ᠭᠠᠵᠠᠷ ᠲᠤ ᠬᠦᠷᠴᠦ᠂ ᠭᠤᠤᠯ ᠤᠨ ᠵᠠᠮ ᠤᠨ ︽ᠳᠥᠷᠪᠡᠨ ᠰᠠᠮᠠᠭᠤᠨ︾ ᠤ ᠠᠰᠠᠭᠤᠳᠠᠯ ᠪᠠ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠭᠤᠣᠯ ᠤᠨ ᠵᠠᠮ ᠤᠨ ︽ᠲᠦᠷᠪᠡᠨ ᠰᠠᠮᠠᠭᠤᠷᠠᠯ︾ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠰᠠᠶᠢᠲᠤᠷ ᠠᠳᠬᠤᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠤᠨ ᠵᠠᠮ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢ ᠴᠢᠩᠭᠠᠳᠬᠠᠵᠤ᠂ ︽ᠭᠤᠤᠯ ᠮᠥᠷᠡᠨ ᠤ ᠳᠠᠷᠤᠭ᠎ᠠ ᠶᠢᠨ ᠲᠦᠷᠢᠮ︾ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠶᠢ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠤᠰᠤ ᠶᠢ ᠬᠠᠮᠠᠭᠠᠯᠠᠬᠤ ᠳᠤ ᠬᠠᠷᠢᠭᠤᠴᠠᠬᠤ᠂ ᠤᠰᠤ ᠶᠢ ᠰᠠᠬᠢᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠪᠠᠷ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠰᠢᠶ᠋ᠳᠪᠦᠷᠢᠯᠡᠵᠦ᠂ ᠭᠤᠤᠯ ᠮᠥᠷᠡᠨ ᠢ ᠴᠠᠭᠳᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠦᠷ᠎ᠡ ᠪᠦᠲᠦᠭᠡᠯ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠭᠦᠨᠵᠡᠭᠡᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠰᠠᠬᠤ ᠠᠵᠢᠯ ᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号