ᠬᠦᠬᠤᠰᠣ ᠪᠠᠯᠭᠠᠰᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
      ᠬᠠᠷᠢᠶᠠᠲᠤ ᠣᠷᠣᠨ ᠤ ᠨᠡᠶᠢᠭᠡᠮ ᠤᠨ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠬᠦᠬᠤᠰᠣ ᠪᠠᠯᠭᠠᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2025 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠷᠠᠯ ᠠᠴᠠ ︽ᠪᠥᠬᠦ ᠤᠯᠤᠰ ᠤᠨ ᠬᠤᠶᠠᠷ ᠬᠤᠷᠠᠯ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ ᠵᠥᠷᠢᠴᠡᠯ ᠤᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠤᠯᠳᠠᠯᠭ᠎ᠠ ᠲᠠᠢ ᠬᠥᠮᠦᠰ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ︽ᠲᠣᠤᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ᠃ ᠡᠯ᠎ᠡ ᠨᠡᠶᠢᠭᠡᠮ ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠲᠠᠰᠤᠭ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠬᠠᠯᠠᠮᠰᠢᠯ ᠤᠲᠠᠰᠤ ᠶᠢ ᠳᠠᠩᠰᠠᠯᠠᠬᠤ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢ ᠬᠡᠷᠡᠭᠯᠡᠨ᠂ ᠭᠤᠤᠯᠳᠠᠯᠭ᠎ᠠ ᠲᠠᠢ ᠬᠥᠮᠦᠰ ᠤᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠮᠤᠭ ᠤᠨ ᠲᠡᠷᠢᠭᠦᠨ ᠳᠤ ᠵᠠᠳᠠᠯᠤᠨ ᠰᠤᠳᠤᠯᠵᠤ ᠮᠠᠭᠠᠳᠯᠠᠵᠤ᠂ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ᠂ ᠬᠥᠳᠡᠯᠦᠩᠭᠦᠶ ᠪᠠᠷ ᠮᠡᠳᠡᠬᠦ ᠶᠢ ᠦᠨᠡᠨᠬᠦ ᠪᠠᠲᠤᠯᠠᠪᠠ᠃ ᠬᠤᠶᠠᠷ ᠲᠤ᠂ ᠭᠤᠣᠯᠳᠠᠯᠭ᠎ᠠ ᠲᠠᠢ ᠬᠥᠮᠦᠰ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠬᠤ ᠬᠡᠷᠡᠭᠲᠡᠢ᠃ ᠡᠯ᠎ᠡ ᠬᠡᠷᠡᠭ ᠳᠠᠭᠠᠭᠠᠴᠢᠯᠠᠭᠰᠠᠨ ᠤᠳᠤᠷᠢᠳᠤᠯᠭ᠎ᠠ᠂ ᠠᠵᠢᠯᠲᠠᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠤᠯᠳᠠᠯᠭ᠎ᠠ ᠲᠠᠢ ᠬᠥᠮᠦᠰ ᠢ ᠨᠢᠭᠲᠠ ᠠᠩᠬᠠᠷᠴᠤ᠂ ᠭᠤᠤᠯᠳᠠᠯᠭ᠎ᠠ ᠲᠠᠢ ᠬᠥᠮᠦᠰ ᠢ ᠴᠠᠭ ᠢᠮᠠᠭᠲᠠ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠬᠦᠷᠴᠦ ᠨᠡᠪᠲᠡᠷᠡᠯᠴᠡᠵᠦ᠂ ᠠᠰᠠᠭᠤᠳᠠᠯ ᠢ ᠰᠢᠢᠳᠪᠦᠷᠢᠯᠡᠬᠦ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠬᠤᠪᠢ ᠬᠥᠮᠦᠨ ᠤ ᠬᠡᠲᠦᠷᠡᠮᠡᠬᠡᠢ ᠬᠡᠷᠡᠭ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠭᠠᠳᠬᠠᠪᠠ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠪᠠ ᠡᠳ᠋ ᠪᠣᠳᠠᠰ ᠢ ᠪᠦᠷᠢᠨ ᠲᠤᠬᠢᠷᠠᠭᠤᠯᠵᠤ᠂ ᠭᠡᠨᠡᠳᠲᠡ ᠶᠢᠨ ᠪᠠᠶᠢᠳᠠᠯ ᠭᠠᠷᠪᠠᠯ ᠴᠠᠭ ᠲᠤᠬᠠᠶ ᠳᠤᠨᠢ ᠴᠤᠤᠷᠢᠶᠠᠲᠤᠨ ᠳᠠᠭᠠᠬᠤ ᠶᠢ ᠦᠨᠡᠨ ᠬᠦ ᠪᠠᠲᠤᠯᠠᠵᠤ᠂ ᠪᠥᠬᠦ ᠪᠠᠯᠭᠠᠰᠤᠨ ᠤ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠥᠴᠦᠬᠡᠨ ᠴᠦ ᠠᠯᠳᠠᠰᠢ ᠭᠠᠷᠭᠠᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ︽ᠨᠢᠭᠡ ᠶᠢ ᠠᠯᠳᠠᠪᠠᠯ ᠶᠠᠭᠤ ᠴᠤ ᠦᠭᠡᠢ ᠪᠠᠶᠢᠬᠤ︾ ᠲᠦᠭᠰᠢᠭᠦᠷᠢᠲᠦ ᠪᠤᠳᠤᠯ ᠢᠶᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠴᠢᠩᠭ᠎ᠠ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号