2 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠰᠢᠤ ᠹᠠᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠰᠢᠨ ᠰᠢᠨ ᠬᠡᠷ ᠠᠬᠤᠶ᠂ ᠶᠤᠸᠠᠢ ᡁᠢ ᠢᠳᠡᠭᠡᠨ | ᠤᠮᠳᠠᠭᠠᠨ ᠤ ᠬᠢᠵᠠᠭᠠᠷᠲᠤ ᠺᠣᠮᠫᠠᠨᠢ ᠶᠢᠨ ᠣᠶᠢᠷ᠎ᠠ ᠶᠢᠨ ᠬᠤᠭᠤᠴᠠᠭᠠᠨ ᠤ ᠡᠵᠡᠩᠨᠡᠯᠲᠡ ᠶᠢᠨ ᠪᠠᠶᠢᠳᠠᠯ᠂ | ᠬᠥᠭᠵᠢᠯᠲᠡ ᠶᠢᠨ ᠴᠢᠭᠯᠡᠯ᠂ ᠢᠷᠡᠭᠡᠳᠦᠶ ᠶᠢᠨ ᠲᠥᠯᠥᠪᠵᠢᠭᠦᠯᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ | ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠢ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠬᠦ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠪᠦᠲᠦᠴᠡ ᠪᠠᠨ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠭᠤᠷᠪᠠᠳᠤᠭᠠᠷ ᠠᠵᠤ | ᠦᠢᠯᠡᠰ ᠲᠤ ᠠᠰᠢᠭ ᠬᠦᠷᠲᠡᠭᠡᠬᠦ ᠱᠠᠩᠨᠠᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠬᠡᠷᠡᠭᠯᠡᠭᠡᠨ ᠤ ᠠᠮᠢᠵᠢᠷᠠᠯ ᠤᠨ | ᠬᠦᠴᠦᠨ ᠢ ᠤᠯᠠᠮ ᠴᠢᠨᠠᠭᠰᠢᠳᠠ ᠬᠥᠭᠵᠢᠭᠡᠬᠦ᠂ ᠠᠵᠢᠯ ᠣᠯᠭᠤᠯᠲᠠ ᠶᠢ ᠥᠷᠭᠡᠳᠬᠡᠬᠦ ᠵᠡᠷᠭᠡ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠬᠡᠯᠡᠪᠡ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠰᠡᠳᠬᠢᠯ ᠲᠠᠯᠪᠢᠨ ᠬᠦᠴᠦ ᠣᠷᠣᠭᠤᠯᠤᠨ ᠬᠠᠷᠢᠭᠤᠯᠲᠠ ᠥᠭᠴᠦ᠂ ᠠᠵᠤ | ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠲᠦᠷᠭᠡᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ | ᠠᠩᠬᠠᠷᠴᠤ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠲᠠᠰᠤᠷᠠᠯᠲᠠ ᠥᠬᠡᠶ ᠠᠭᠤᠳᠠᠯᠵᠤ᠂ ᠨᠠᠩ ᠠᠯᠤᠰ ᠬᠡᠲᠦ ᠶᠢᠨ | ᠬᠠᠷᠠᠴᠠ᠂ ᠨᠠᠩ ᠪᠦᠷᠢᠨ ᠲᠡᠭᠦᠯᠳᠡᠷ ᠬᠠᠩᠭᠠᠯᠭ᠎ᠠ ᠶᠢᠨ ᠦᠢᠯᠡᠴᠢᠯᠡᠭᠡ ᠪᠠᠷ ᠣᠯᠠᠨ ᠲᠦᠮᠡᠨ ᠤ ᠬᠡᠷᠡᠭᠯᠡᠭᠡᠨ ᠤ | ᠬᠡᠷᠡᠭᠴᠡᠭᠡ ᠶᠢ ᠬᠠᠩᠭᠠᠵᠤ᠂ ᠬᠠᠶᠢᠨᠠᠨ ᠲᠣᠭᠤᠷᠢᠭ ᠤᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢᠶᠠᠨ ᠸᠠᠩ ᠳ᠋ᠠ ᠬᠢᠮᠢ ᠶᠢᠨ ᠠᠵᠤ ᠦᠶ᠋ᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠤᠢ | ᠷᠦᠩ ᠨᠡᠭᠦᠷᠡᠰᠦᠨ ᠤ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠶ | ᠴᠦᠨ ᠯᠸᠢ ᠠᠵᠤ ᠠᠬᠤᠶᠢᠯᠠᠯ ᠤᠨ ᠦᠶ᠋ᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ | ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠯᠠᠭᠠᠨ ᠢ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠨᠠᠷ | ᠰᠠᠶᠢᠲᠠᠢ ᠦᠢᠯᠡᠴᠢᠯᠡᠭᠡᠨ ᠤ ᠪᠠᠲᠤᠯᠠᠭ᠎ᠠ ᠶᠢ ᠴᠠᠭ ᠲᠤᠬᠠᠢ ᠳᠤᠨᠢ ᠬᠠᠩᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠵᠢᠭᠦᠯᠵᠦ ᠪᠠᠶᠢᠭᠠᠳ ᠭᠠᠳᠠᠭᠠᠳᠤ ᠠᠷᠠᠯᠵᠢᠶᠠᠨ ᠤ ᠤᠯᠠᠨ ᠡᠰᠢᠵᠢᠭᠰᠡᠨ ᠬᠥᠭᠵᠢᠯᠲᠡ ᠶᠢ ᠠᠬᠢᠭᠤᠯᠵᠤ᠂ | ᠠᠵᠤ ᠠᠬᠤᠶᠢᠯᠠᠯ ᠤᠨ ᠲᠣᠭᠲᠠᠭᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ | ᠠᠵᠤ ᠠᠬᠤᠶᠢᠯᠠᠯ ᠤᠳ ᠪᠠᠶᠢᠳᠠᠯ ᠢ ᠣᠨᠣᠪᠴᠢᠲᠠᠶ ᠡᠵᠡᠮᠳᠡᠵᠦ᠂ ᠦᠢᠯᠡᠳᠬᠦᠨ ᠤ ᠶᠠᠰᠤ ᠴᠢᠨᠠᠷ ᠤᠨ ᠲᠠᠰ ᠳᠡᠪᠰᠢᠬᠦ ᠶᠢ | ᠲᠦᠷᠭᠡᠳᠬᠡᠨ᠂ ᠦᠢᠯᠡᠳᠪᠦᠷᠢᠯᠡᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠪᠠᠳᠠᠷᠠᠭᠤᠯᠵᠤ᠂ ᠵᠠᠬᠢᠶᠠᠯᠠᠭ᠎ᠠ ᠶᠢ | ᠵᠠᠪᠳᠤᠨ᠂ ᠵᠠᠬ᠎ᠠ ᠳᠡᠯᠭᠡᠭᠦᠷ ᠢ ᠥᠷᠭᠡᠳᠬᠡᠵᠦ᠂ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ | ᠠᠮᠤᠷ ᠲᠦᠪᠰᠢᠨ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠢ ᠬᠠᠮᠲᠤ ᠪᠠᠷ ᠬᠦᠷᠲᠡᠬᠦ ᠶᠢ | ᠪᠡᠶᠡᠯᠡᠭᠦᠯᠬᠦ ᠬᠡᠷᠡᠭᠲᠡᠢ᠃ |