2 ᠰᠠᠷ᠎ᠠ ᠶᠢᠨ 16 ᠤ ᠡᠳᠦᠷ ᠠᠴᠠ 19 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠯᠢᠦ ᠪᠦᠦ ᠴᠧᠩ ᠪᠦᠯᠬᠦᠮ ᠳᠠᠭᠠᠭᠤᠯᠤᠨ ᠪᠡᠭᠡᠵᠢᠩ ᠬᠤᠲᠠ᠂ ᠲᠢᠶᠠᠨᠵᠢᠨ ᠬᠤᠲᠠ᠂ ᠵᠢᠶᠠᠩᠰᠢ ᠮᠤᠵᠢ ᠳᠤ | ᠬᠦᠷᠴᠦ ᠬᠤᠳᠠᠯᠳᠤᠭᠠᠴᠢᠨ ᠣᠷᠢᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ | ᠣᠷᠣᠯᠴᠠᠵᠠᠢ᠃ | ᠵᠢᠶᠠᠩᠰᠢ ᠶᠢᠨ ᠾᠸᠢ ᠮᠤᠤ ᠨᠡᠭᠦᠷᠡᠰᠦᠨ ᠬᠠᠷ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ | ᠲᠢᠶᠠᠨᠵᠢᠨ ᠤ ᠶᠠ ᠳ᠋ᠦᠩ ᠪᠦᠯᠦᠭᠯᠡᠯ ᠳᠤ᠂ ᠯᠢᠦ ᠪᠦᠦ ᠴᠧᠩ ᠨᠠᠷ ᠠᠵᠤ ᠠᠬᠤᠶᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠤᠢᠢᠯᠠᠭᠠᠭᠰᠠᠨ ᠪᠥᠭᠡᠳ ᠲᠦᠷᠦᠯ | ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠪᠠ᠃ ᠯᠢᠦ ᠪᠦᠦ ᠴᠧᠩ᠂ ᠬᠠᠶᠢᠨᠠᠨ ᠲᠣᠭᠤᠷᠢᠭ ᠤᠨ ᠡᠬᠢ ᠪᠠᠶᠠᠯᠢᠭ ᠡᠯᠪᠡᠭ᠂ ᠠᠵᠤ | ᠦᠢᠯᠡᠰ ᠤᠨ ᠰᠠᠭᠤᠷᠢ ᠪᠠᠲᠤᠲᠠᠶ᠂ ᠬᠦᠴᠦᠨ ᠵᠦᠢᠯ ᠤᠨ ᠪᠠᠲᠤᠯᠠᠭ᠎ᠠ ᠶᠢᠨ ᠳᠠᠪᠠᠭᠤᠯᠢᠭ ᠢᠯᠡᠷᠬᠡᠶ᠂ ᠾᠸᠢ ᠮᠤᠤ | ᠨᠡᠭᠦᠷᠡᠰᠦᠨ ᠬᠠᠷ᠎ᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠶᠠ ᠳ᠋ᠦᠩ ᠪᠦᠯᠦᠭᠯᠡᠯ ᠤᠨ ᠠᠵᠤ ᠦᠢᠯᠡᠰ ᠤᠨ | ᠪᠣᠳᠠᠲᠤ ᠬᠦᠴᠦᠨ ᠢᠶᠠᠷ ᠴᠢᠩᠭ᠎ᠠ᠂ ᠥᠷᠢᠰᠥᠯᠳᠦᠭᠡᠨ ᠤ ᠳᠠᠪᠠᠭᠤᠯᠢᠭ ᠲᠣᠪᠤᠶᠢᠮ᠎ᠠ ᠪᠠᠶᠢᠵᠤ᠂ ᠠᠵᠤ ᠠᠬᠤᠶᠢᠯᠠᠯ ᠤᠨ | ᠬᠥᠭᠵᠢᠯᠲᠡ ᠶᠢᠨ ᠵᠢᠷᠤᠭ ᠲᠥᠯᠥᠪᠯᠡᠭᠡ ᠬᠢᠭᠡᠳ ᠬᠠᠶᠢᠨᠠᠨ ᠲᠣᠭᠤᠷᠢᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ | ᠴᠢᠨᠠᠭᠰᠢᠳᠠ ᠴᠢᠩᠭᠠᠳᠬᠠᠵᠤ᠂ ᠨᠡᠩ ᠥᠷᠭᠡᠨ ᠬᠦᠷᠢᠶ᠎ᠡ᠂ ᠨᠡᠩ ᠥᠨᠳᠥᠷ ᠲᠡᠰ ᠳᠠᠪᠬᠤᠷᠭ᠎ᠠ᠂ ᠨᠡᠩ ᠶᠡᠭᠡ | ᠬᠡᠪᠴᠢᠶᠡᠨ ᠳᠤ ᠬᠠᠮᠲᠤᠷᠠᠯᠴᠠᠭ᠎ᠠ ᠲᠣᠭᠲᠠᠵᠤ᠂ ᠰᠢᠨ᠎ᠡ ᠪᠡᠯᠡ ᠣᠷᠣᠭᠤᠯᠤᠯᠲᠠ ᠶᠢᠨ ᠲᠦᠷᠦᠯ ᠵᠦᠢᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠡᠨᠡ | ᠬᠤᠭᠤᠴᠠᠭᠠᠨ ᠳᠤ᠂ ᠬᠠᠶᠢᠨᠠᠨ ᠲᠣᠭᠤᠷᠢᠭ ᠤᠨ ᠬᠢᠨ ᠶᠠ ᠳ᠋ᠦᠩ ᠪᠦᠯᠦᠭᠯᠡᠯ ᠲᠠᠢ ᠦᠬᠠᠢ ᠶᠢᠨ ᠶᠠ ᠳ᠋ᠦᠩ ᠶᠤᠸᠠᠨ | ᠵᠦᠩ ᠶᠤᠸᠠᠨ ᠬᠦᠷᠢᠶᠡᠯᠡᠩ ᠤᠨ ᠪᠡᠯᠡ ᠣᠷᠣᠭᠤᠯᠤᠯᠲᠠ ᠶᠢᠨ ᠪᠦᠳᠦᠭᠦᠪᠴᠢ ᠵᠥᠪᠯᠡᠯᠴᠡᠭᠡᠷ ᠲᠣᠭᠲᠠᠵᠠᠢ᠃ | ᠪᠡᠭᠡᠵᠢᠩ ᠥᠪᠥᠷ ᠮᠣᠩᠭᠤᠯ ᠤᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠳᠤ᠂ ᠯᠢᠦ ᠪᠦᠦ | ᠴᠧᠩ ᠬᠤᠳᠠᠯᠳᠤᠭᠠᠴᠢᠳ ᠤᠨ ᠡᠪᠯᠡᠯ ᠳᠤ ᠬᠠᠶᠢᠨᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠲᠠᠨᠢᠯᠴᠠᠭᠤᠯᠵᠤ᠂ ᠲᠡᠳᠡᠨ ᠲᠠᠢ ᠨᠢᠭᠤᠷᠳᠠᠨ ᠶᠠᠷᠢᠯᠴᠠᠵᠤ᠂ ᠨᠤᠲᠤᠭ ᠤᠨ ᠪᠠᠶᠢᠳᠠᠯ ᠢᠶᠠᠨ ᠶᠠᠷᠢᠵᠤ᠂ | ᠲᠦᠷᠦᠯ ᠵᠦᠢᠯ ᠶᠠᠷᠢᠯᠴᠠᠵᠤ᠂ ᠬᠠᠮᠲᠤᠷᠠᠯᠴᠠᠪᠠ᠃ ᠯᠢᠦ ᠪᠦᠦ ᠴᠧᠩ᠂ ᠡᠯ᠎ᠡ ᠠᠵᠤ ᠠᠬᠤᠶᠢᠯᠠᠯᠲᠠᠨ ᠢᠳᠡᠪᠬᠢᠲᠡᠶ ᠪᠠᠷ | ᠨᠤᠲᠤᠭ ᠲᠠᠭᠠᠨ ᠪᠤᠴᠠᠵᠤ ᠪᠡᠯᠡ ᠣᠷᠣᠭᠤᠯᠤᠨ ᠦᠢᠯᠡᠰ ᠪᠤᠰᠬᠠᠵᠤ᠂ ᠨᠤᠲᠤᠭ ᠤᠰᠤᠨ ᠤ ᠪᠠᠨ ᠬᠥᠭᠵᠢᠯᠲᠡ ᠶᠢᠨ | ᠭᠠᠯ ᠬᠠᠯᠠᠭᠤᠨ ᠦᠢᠯᠡᠳᠦᠯᠭᠡ ᠳᠤ ᠣᠷᠣᠯᠴᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ | ᠤᠷᠢᠵᠤ ᠤᠶᠤᠨ ᠤᠬᠠᠭᠠᠨ ᠣᠷᠣᠭᠤᠯᠬᠤ ᠲᠠᠯ᠎ᠠ ᠪᠠᠷ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠪᠠᠳᠠᠷᠠᠭᠤᠯᠬᠤ ᠪᠠᠷ ᠴᠢᠷᠮᠠᠶᠢᠵᠤ᠂ ᠨᠤᠲᠤᠭ ᠤᠰᠤᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠷᠭᠦᠯᠵᠢᠯᠡᠨ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠡᠷᠭᠦᠵᠦ᠂ ᠬᠠᠶᠢᠨᠠᠨ ᠲᠣᠭᠤᠷᠢᠭ ᠤᠨ ᠨᠡᠩ | ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ ᠭᠡᠪᠡ᠃ | ᠡᠨᠡ ᠬᠤᠭᠤᠴᠠᠭᠠᠨ ᠳᠤ᠂ ᠯᠢᠦ ᠪᠦᠦ ᠴᠧᠩ ᠪᠠᠰᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠤᠲᠠ ᠪᠣᠯᠤᠨ ᠵᠢᠵᠢᠭ ᠬᠤᠲᠠ ᠪᠠᠯᠭᠠᠰᠤᠨ ᠤ ᠥᠭᠡᠷᠡᠴᠢᠯᠡᠯᠲᠡ ᠬᠥᠭᠵᠢᠯᠲᠡ ᠶᠢᠨ ᠲᠥᠪ ᠢ | ᠰᠤᠷᠪᠤᠯᠵᠢᠯᠠᠬᠤ ᠶᠢᠨ ᠬᠠᠮᠲᠤ ᠲᠥᠪ ᠤᠨ ᠬᠠᠮᠢᠶ᠎ᠠ ᠪᠦᠬᠦᠢ ᠤᠳᠤᠷᠢᠳᠤᠯᠭ᠎ᠠ ᠲᠠᠢ ᠬᠤᠲᠠᠴᠢᠯᠠᠯᠲᠠ ᠪᠠ ᠵᠢᠵᠢᠭ ᠬᠤᠲᠠ | ᠪᠠᠯᠭᠠᠰᠤᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠦᠢᠯᠡᠳᠦᠯᠭᠡ ᠶᠢᠨ ᠲᠤᠷᠰᠢᠯᠭ᠎ᠠ | ᠵᠡᠷᠭᠡ ᠲᠠᠯ᠎ᠠ ᠪᠠᠷ ᠭᠦᠨᠵᠡᠭᠡᠶ ᠵᠣᠯᠭᠠᠭᠤᠯᠤᠨ ᠰᠣᠯᠢᠯᠴᠠᠵᠤ᠂ ᠢᠳᠡᠪᠬᠢᠲᠡᠶ ᠪᠠᠷ ᠳᠡᠮᠵᠢᠯᠭᠡ ᠣᠯᠬᠤ ᠪᠠᠷ ᠴᠢᠷᠮᠠᠶᠢᠪᠠ᠃ | ᠲᠣᠰ ᠤᠳᠠᠭᠠᠨ ᠤ ᠰᠣᠯᠢᠯᠴᠠᠭ᠎ᠠ ᠨᠢ ᠬᠠᠶᠢᠨᠠᠨ ᠲᠣᠭᠤᠷᠢᠭ ᠤᠨ ᠢᠷᠡᠭᠡᠳᠦᠶ ᠶᠢᠨ ᠬᠤᠲᠠ ᠪᠠᠯᠭᠠᠰᠤᠵᠢᠯᠲᠠ ᠶᠢᠨ | ᠬᠥᠭᠵᠢᠯᠲᠡ ᠳᠤ ᠲᠦᠢᠯ ᠤᠨ ᠶᠡᠭᠡ ᠦᠨ᠎ᠡ ᠥᠷᠲᠡᠭ ᠲᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠵᠢᠯᠣᠭᠤᠳᠬᠤ ᠰᠠᠨᠠᠯ ᠬᠠᠩᠭᠠᠭᠰᠠᠨ ᠪᠠᠶᠢᠨ᠎ᠠ᠃ |