2 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠪᠥᠬᠦ ᠲᠣᠭᠤᠷᠢᠭ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ | ᠰᠢᠨᠵᠢᠯᠡᠨ ᠪᠠᠶᠢᠴᠠᠭᠠᠬᠤ᠂ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠯᠠᠪᠳᠠᠭᠤᠨ | ᠪᠠᠲᠤᠲᠠᠶ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠵᠥᠷᠢᠴᠡᠯ ᠠᠶᠤᠯ ᠲᠦᠭᠰᠢᠭᠦᠷᠢ ᠶᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ | ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠢ ᠱᠦᠵᠢ ᠰᠢ ᠶᠢᠨ | ᠫᠢᠩ ᠤᠨ 2025 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠪᠣᠯᠤᠨ ᠨᠠᠮ ᠤᠨ ᠭᠠᠳᠠᠨᠠᠬᠢ ᠬᠥᠮᠦᠰ ᠲᠠᠢ | ᠬᠠᠮᠲᠤ ᠪᠠᠷ ᠴᠠᠭᠠᠨ ᠰᠠᠷ᠎ᠠ ᠶᠢ ᠤᠭᠲᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠪᠣᠯᠤᠨ ᠨᠠᠮ ᠪᠦᠯᠦᠭ ᠤᠨ ᠪᠤᠰᠤ ᠬᠥᠮᠦᠰ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ | ᠤᠶᠤᠨ ᠤᠬᠠᠭᠠᠨ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠵᠤ᠂ ᠬᠠᠶᠢᠨᠠᠨ ᠲᠣᠭᠤᠷᠢᠭ ᠤᠨ ᠬᠥᠭᠵᠢᠯᠲᠡ ᠳᠤ | ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ | ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ | ᠭᠡᠵᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ | ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ | ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯ ᠴᠣᠭᠴᠠ ᠶᠢᠨ ᠪᠤᠶᠢᠵᠢᠯᠲᠠ ᠶᠢ | ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠰᠡᠳᠬᠢᠯ ᠲᠠᠯᠪᠢᠨ ᠳᠡᠮᠵᠢᠯᠭᠡ ᠬᠠᠪᠰᠤᠷᠤᠯᠭ᠎ᠠ ᠬᠠᠩᠭᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠵᠤ᠂ ᠮᠠᠨ ᠤ | ᠲᠣᠭᠤᠷᠢᠭ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠬᠠᠷᠪᠢᠨ ᠤ ᠶᠢᠰᠦᠳᠦᠭᠡᠷ | ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ | ᠶᠣᠰᠣᠯᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠪᠠᠶᠠᠷ ᠤᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠮᠠᠨ ᠤ ᠲᠣᠭᠤᠷᠢᠭ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠰᠢᠨ᠎ᠡ ᠬᠥᠳᠡᠯᠭᠡᠬᠦ ᠬᠦᠴᠦᠨ ᠢ ᠶᠡᠭᠡ ᠪᠠᠷ ᠪᠤᠶᠢᠵᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠴᠢᠨᠠᠷ ᠰᠠᠶᠢᠲᠠᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ | ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠵᠦ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ | ᠢᠮᠠᠭᠲᠠ ᠴᠢᠩᠭᠠᠯᠠᠵᠤ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠤ | ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠡᠯᠬᠢᠶ᠎ᠡ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠬᠦᠨᠳᠦ ᠶᠡᠭᠡ ᠣᠨᠴᠠ ᠶᠡᠭᠡ | ᠭᠠᠮᠰᠢᠭ ᠤᠨ ᠠᠳᠡᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ | ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠭᠡᠷ ᠪᠦᠯᠢ ᠶᠢ ᠴᠢᠬᠤᠯᠠᠴᠢᠯᠠᠵᠤ᠂ | ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠴᠢᠬᠤᠯᠠ ᠵᠣᠬᠢᠶᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ | ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠪᠡᠶ᠎ᠡ ᠪᠠᠷ ᠢᠶᠠᠨ ᠬᠡᠪ ᠳᠦᠷᠢᠮ ᠪᠣᠯᠭᠠᠵᠤ ᠰᠢᠯᠢᠳᠡᠭ ᠭᠡᠷ ᠤᠨ | ᠰᠤᠷᠲᠠᠯ ᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ | ᠥᠭᠡᠳᠡᠯᠡᠨ ᠲᠠᠪᠰᠢᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ | ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠭᠤᠤᠯ ᠶᠡᠭᠡ ᠲᠠᠯ᠎ᠠ ᠶᠢᠨ ᠲᠣᠭᠤᠷᠢᠨ ᠳᠤ ᠪᠠᠶᠢᠳᠠᠯ ᠡᠭᠦᠷᠭᠡ ᠶᠢᠨ ᠱᠠᠭᠠᠷᠳᠠᠯᠭ᠎ᠠ ᠶᠢᠨ ᠰᠢᠨ᠎ᠡ | ᠬᠤᠪᠢᠷᠠᠯᠲᠠ ᠶᠢ ᠭᠦᠨᠵᠡᠭᠡᠶ ᠡᠵᠡᠮᠳᠡᠵᠦ᠂ ᠨᠠᠮ ᠠᠴᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠬᠠᠮᠢᠶᠠᠷᠬᠤ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠠᠮᠤᠭᠤᠯᠠᠩ ᠬᠠᠶᠢᠨᠠᠨ ᠤ ᠪᠥᠲᠥᠭᠡᠨ ᠪᠠᠶᠢᠭᠤᠯᠤᠯᠲᠠ ᠶᠢ | ᠣᠷᠳᠣ ᠬᠤᠭᠤᠴᠠᠭ᠎ᠠ ᠪᠠᠷ ᠠᠬᠢᠭᠤᠯᠵᠤ᠂ ᠬᠡᠪ ᠴᠢᠨᠠᠷ ᠢᠶᠠᠷ ᠴᠢᠩᠭ᠎ᠠ ᠤᠯᠤᠰ ᠲᠥᠷᠥ ᠬᠠᠤᠯᠢ ᠴᠠᠭᠠᠵᠠ ᠶᠢᠨ ᠲᠡᠮᠦᠷ | ᠴᠡᠷᠢᠭ ᠢ ᠳᠠᠪᠲᠠᠨ ᠪᠣᠯᠪᠠᠰᠤᠷᠠᠭᠤᠯᠵᠤ᠂ ᠮᠠᠨ ᠤ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ | ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |