2 ᠰᠠᠷ᠎ᠠ ᠶᠢᠨ 24 ᠤ ᠡᠳᠦᠷ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠵᠢᠴᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ | ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠶᠦᠨ ᠾᠧᠩ᠂ ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠣᠣ ᡁᠢ ᠶᠦᠩ ᠬᠤᠷᠠᠯ ᠳᠤ | ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠯᠢᠦ ᠪᠦᠦ ᠴᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠰᠢᠤᠢ ᠪᠢᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠬᠠᠶ ᠪᠢᠨ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ | ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠰᠤᠷᠤᠯᠴᠠᠵᠤ᠂ | ᠰᠡᠳᠬᠢᠯ ᠤᠨ ᠦᠭᠡ ᠪᠠᠨ ᠶᠠᠷᠢᠯᠴᠠᠵᠤ᠂ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠯᠢᠦ ᠪᠦᠦ ᠴᠧᠩ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ | ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠃ | ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ | ᠪᠠ ᠥᠪᠡᠷ ᠤᠨ ᠰᠢᠭᠦᠮᠵᠢᠯᠡᠯ ᠢ ᠬᠢᠨᠠᠮᠠᠭᠠᠶ ᠥᠷᠨᠢᠭᠦᠯᠪᠡ᠃ | ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠶᠦᠨ ᠾᠧᠩ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠣᠭᠤᠷᠢᠨ ᠳᠤ ᠪᠣᠳᠠᠲᠠᠢ ᠱᠠᠭᠠᠷᠳᠠᠯᠭ᠎ᠠ | ᠳᠤᠷᠠᠳᠴᠠᠢ᠃ ᠲᠡᠷᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠦᠭᠡᠢ᠂ | ᠴᠡᠭᠴᠡᠯᠡᠨ ᠰᠠᠶᠢᠵᠢᠷᠠᠭᠤᠯᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ ᠦᠭᠡᠢ ᠵᠡᠷᠭᠡ ᠲᠤᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠰᠤᠷᠲᠠᠯ ᠢᠯᠵᠠᠷᠡᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠭᠦᠨᠵᠡᠭᠡᠢ | ᠠᠬᠢᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠠᠵᠤ ᠠᠬᠤᠢ | ᠨᠡᠶᠢᠭᠡᠮ ᠤᠨ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃ | ᠯᠢᠦ ᠪᠦᠦ ᠴᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠯᠤᠰ ᠲᠥᠷᠥ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠤᠯᠤᠰ | ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠵᠤ᠂ ︽ᠣᠳᠣᠬᠠᠨ ᠳᠤ ᠥᠭᠡᠷᠡᠴᠢᠯᠡᠬᠦ︾ ᠪᠠ | ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ | ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ | ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠳᠡᠭᠡᠷ᠎ᠡ ᠦᠨᠡᠨ | ᠬᠦ ᠢᠯᠡᠷᠡᠭᠦᠯᠬᠦ ᠬᠡᠷᠡᠭᠲᠡᠢ᠃ |