ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
      2 ᠰᠠᠷ᠎ᠠ ᠶᠢᠨ 25 ᠤ ᠡᠳᠦᠷ᠂ ᠬᠠᠢᠨᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠭᠡᠭᠰᠡᠨ︶ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠪᠦᠷᠢᠯᠳᠦᠬᠦᠨ᠂ ᠪᠦᠬᠦ ᠲᠤᠭᠤᠷᠢᠭ ᠤᠨ ᠳᠡᠳ᠋ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠬᠤ ᠺᠠᠳ᠋ᠷ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠵᠢᠭᠠᠬᠤ ᠶᠢ ᠰᠤᠳᠤᠯᠬᠤ ᠬᠡᠯᠲᠡᠰ ᠤᠨ ᠫᠷᠤᠹᠧᠰᠰᠤᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠳ᠋ᠦᠩ ᠰᠢᠶᠤᠤ ᠫᠢᠩ ᠢ ᠣᠨᠴᠠᠭᠠᠶᠢᠯᠠᠨ ᠤᠷᠢᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃ ᠳ᠋ᠦᠩ ᠫᠷᠤᠹᠧᠰᠰᠤᠷ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠬᠤᠶ ᠪᠠᠶᠢᠳᠠᠯ ᠬᠢᠭᠡᠳ ᠠᠴᠢ ᠬᠤᠯᠪᠣᠭᠳᠠᠯ᠂ ᠥᠭᠡᠷᠡᠴᠢᠯᠡᠯᠲᠡ ᠶᠢᠨ ᠭᠤᠤᠯ ᠡᠭᠦᠷᠭᠡ ᠬᠢᠭᠡᠳ ᠬᠠᠷᠠᠯᠲᠠ ᠵᠢᠴᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠦᠢᠯᠡᠳᠦᠯ ᠵᠡᠷᠭᠡ ᠭᠤᠷᠪᠠᠨ ᠲᠠᠯ᠎ᠠ ᠠᠴᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠭᠦᠨᠵᠡᠭᠡᠶ ᠵᠠᠳᠠᠯᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠲᠣᠰ ᠨᠢᠭᠡᠴᠡ ᠶᠢᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠡᠭᠦᠷᠭᠡ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠡᠮᠦᠨ᠎ᠡ ᠬᠤᠶᠢᠨ᠎ᠠ ᠨᠢ ᠵᠠᠯᠭᠠᠨ ᠦᠷᠭᠦᠯᠵᠢᠯᠡᠭᠦᠯᠵᠦ᠂ ᠱᠠᠲᠤ ᠳᠠᠷᠠᠭᠠᠯᠠᠨ ᠠᠬᠢᠭᠤᠯᠬᠤ ᠶᠢ ᠪᠡᠶᠡᠯᠡᠭᠦᠯᠦᠨ᠎ᠡ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢ ᠢᠳᠡᠪᠬᠢᠲᠡᠶ ᠡᠭᠦᠷᠭᠡᠯᠡᠵᠦ᠂ ᠳᠡᠭᠡᠳᠦ ᠳᠣᠤᠷᠠᠳᠤ ᠱᠠᠲᠤ ᠶᠢ ᠨᠡᠪᠲᠡᠷᠡᠯᠴᠡᠭᠦᠯᠬᠦ᠂ ᠱᠠᠲᠤ ᠱᠠᠲᠤ ᠪᠠᠷ ᠬᠠᠷᠢᠭᠤᠴᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠠᠯᠲᠠᠲᠤ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠵᠠᠮ᠂ ᠪᠡᠶᠡᠯᠡᠭᠦᠯᠬᠦ ᠴᠠᠭ ᠤᠨ ᠬᠢᠵᠠᠭᠠᠷ᠂ ᠦᠷ᠎ᠡ ᠪᠦᠲᠦᠭᠡᠯ ᠤᠨ ᠬᠡᠯᠪᠡᠷᠢ ᠶᠢ ᠵᠠᠳᠠᠯᠤᠨ ᠨᠠᠷᠢᠯᠢᠬᠵᠢᠭᠤᠯᠵᠤ᠂ ᠨᠠᠩ ᠶᠡᠭᠡ ᠡᠷᠡᠰ ᠵᠣᠷᠢᠭ᠂ ᠨᠠᠩ ᠶᠡᠭᠡ ᠡᠷᠴᠢᠮ ᠢᠶᠠᠷ ᠥᠭᠡᠷᠡᠴᠢᠯᠡᠯᠲᠡ ᠶᠢ ᠠᠬᠢᠭᠤᠯᠵᠤ᠂ ᠮᠠᠨ ᠤ ᠲᠤᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号