ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
      2 ᠰᠠᠷ᠎ᠠ ᠶᠢᠨ 25 ᠤ ᠡᠳᠦᠷ᠂ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠠᠷᠤᠭ᠎ᠠ ᠪᠠᠶ ᠴᠦᠨ ᠯᠸᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ 2023 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠵᠦ᠂ ᠪᠠᠢ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠶ ᠥᠷᠨᠢᠭᠦᠯᠪᠡ᠃      ᠪᠠᠢ ᠴᠦᠨ ᠯᠸᠢ ᠳ᠋ᠦᠩᠨᠡᠯᠲᠡ ᠶᠢᠨ ᠶᠠᠷᠢᠶᠠᠨ ᠳᠠᠭᠠᠨ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠲᠦᠷᠦᠭᠦᠯᠡᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠱᠠᠭᠠᠷᠳᠠᠯᠭ᠎ᠠ ᠶᠢ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠬᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠤ ᠬᠡᠷᠡᠭᠴᠡᠭᠡ ᠳᠤ ᠦᠢᠯᠡᠴᠢᠯᠡᠬᠦ ᠳᠡᠭᠡᠷ᠎ᠡ ᠦᠨᠡᠨ ᠬᠦ ᠢᠯᠡᠷᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠢᠯ ᠢᠶᠠᠨ ᠠᠬᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ᠰᠤᠷᠲᠠᠯ ᠢ ᠰᠠᠶᠢᠵᠢᠷᠠᠭᠤᠯᠬᠤ ᠪᠠᠷ ᠠᠵᠢᠯ ᠤᠨ ᠳᠡᠭᠡᠭᠰᠢᠯᠡᠯᠲᠡ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠨ ᠰᠠᠶᠢᠵᠢᠷᠠᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠪᠠᠷ ᠭᠤᠣᠯᠳᠠᠭᠤᠯᠵᠤ᠂ ᠨᠢᠭᠡ ᠪᠦᠯᠦᠭ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠢᠯᠡᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠠᠵᠢᠯᠯᠠᠭ᠎ᠠ ᠶᠢ ᠨᠠᠷᠢᠨ ᠨᠢᠮᠪᠠᠢ ᠲᠥᠯᠥᠪᠵᠢᠭᠦᠯᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠢᠳᠡᠪᠬᠢᠲᠡᠢ ᠭᠦᠢᠴᠡᠳᠬᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ᠂ ᠬᠠᠤᠯᠢᠵᠢᠯ ᠤᠨ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号