ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ ᠯᠢᠦ ᠪᠦᠦ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2025/2/27
      2 ᠰᠠᠷ᠎ᠠ ᠶᠢᠨ 26 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠬᠤᠷᠠᠯ ᠢ ᠡᠷᠭᠢᠯᠡᠪᠡ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ᠂ ᠪᠠᠶᠠᠷ᠂ ᠶᠠᠩ ᠽᠧ ᠢᠦᠢ᠂ ᠶᠢᠨ ᡁᠢ ᠶᠦᠩ ᠣᠷᠣᠯᠴᠠᠪᠠ᠃      ᠬᠤᠷᠠᠯ ᠠᠴᠠ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠦᠬᠠᠶ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤᠨ ᠤ 2024 ᠣᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠳᠠᠯ ᠪᠣᠯᠤᠨ 2025 ᠣᠨ ᠤ ᠠᠵᠢᠯ ᠤᠨ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠲᠠᠷᠢᠶᠠᠯᠠᠬᠤ ᠣᠷᠣᠨ ᠤ ᠠᠵᠢᠯ ᠤᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠶᠢᠨᠠᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠩ ᠣᠨᠣᠪᠴᠢᠲᠠᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠠᠵᠢᠯᠯᠠᠭ᠎ᠠ ᠪᠠᠷ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠳᠤᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠪᠠᠶᠠᠨ ᠴᠢᠨᠡᠭᠡᠯᠢᠭ ᠪᠠᠶᠢᠬᠤ ᠶᠢ ᠳᠠᠶᠢᠴᠢᠯᠠᠨ᠎ᠠ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠰᠠᠶᠢᠲᠤᠷ ᠠᠳᠬᠤᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠬᠠᠮᠲᠤ ︽ᠪᠠᠭ᠎ᠠ ᠮᠥᠷᠲᠡᠭᠡᠨ ᠨᠠᠷᠢᠯᠢᠭ︾᠂ ︽ᠪᠠᠭ᠎ᠠ ᠮᠥᠷᠲᠡᠭᠡᠨ ᠣᠨᠴᠠᠭᠠᠢ︾᠂ ︽ᠪᠠᠭ᠎ᠠ ᠮᠥᠷᠲᠡᠭᠡᠨ ᠭᠤᠶᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠴᠠᠯᠢᠬᠳᠤ ᠬᠤᠳᠠ ᠶᠢᠨ ᠲᠡᠭᠦᠷᠭᠡ ᠶᠢᠨ ᠰᠣᠳᠣᠨ ᠲᠠᠷᠢᠶᠠᠯᠠᠩ ᠢ ᠬᠦᠴᠦᠯᠡᠨ ᠬᠥᠭᠵᠢᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠲᠤ ᠪᠠᠬᠢ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠢ ᠦᠵᠡᠵᠦ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠢ ᠠᠳᠬᠤᠵᠤ᠂ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠨᠠᠩ ᠪᠣᠳᠠᠲᠠᠶ ᠰᠢᠨᠡᠳᠬᠡᠬᠦ ᠠᠷᠭ᠎ᠠ ᠬᠡᠮᠵᠢᠶ᠎ᠡ ᠪᠠᠷ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号