ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 115 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 28 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 115 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠷᠠᠰᠠᠩ ᠰᠦᠮ᠎ᠡ ᠪᠠᠯᠭᠠᠰᠤᠨ ᠤ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ ᠶᠢ ᠬᠢᠨᠠᠨ ᠵᠥᠪᠯᠡᠵᠦ᠂ ᠮᠠᠨ ᠤ ᠪᠠᠯᠭᠠᠰᠤᠨ ᠤ ᠠᠮᠤᠷ ᠲᠦᠪᠰᠢᠨ ᠲᠣᠭᠲᠠᠭᠤᠨ᠂ ᠭᠠᠵᠠᠷ ᠰᠢᠷᠣᠶ ᠶᠢᠨ ᠡᠷᠭᠢᠯᠲᠡ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠯᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ︽ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠡᠷᠭᠡᠵᠢᠯ ᠳᠤ ᠬᠠᠳᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠥᠷᠥᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠯᠡᠬᠦ ᠤᠰᠤ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠴᠢᠩᠭᠠᠳᠬᠠᠨ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠰᠠᠶᠢᠲᠤᠷ ᠬᠢᠵᠦ᠂ ᠮᠡᠷᠭᠡᠵᠢᠯ ᠤᠨ ᠪᠣᠯᠪᠠᠰᠤᠷᠠᠭᠤᠯᠤᠯ ᠳᠤ ᠵᠣᠬᠢᠶᠠᠨ ᠪᠠᠶᠢᠭᠤᠯᠤᠨ ᠣᠷᠣᠯᠴᠠᠵᠤ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠵᠤ᠂ ᠪᠥᠬᠦ ᠵᠢᠯ ᠤᠨ ᠠᠮᠤ ᠪᠤᠳᠠᠭ᠎ᠠ ᠪᠠ ᠲᠠᠷᠢᠶᠠᠯᠠᠩ ᠤᠨ ᠡᠯᠪᠡᠭ ᠬᠤᠷᠢᠶᠠᠯᠲᠠ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠡᠢ᠃ ᠤᠬᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠲᠠᠷᠢᠶᠠᠴᠢᠳ ᠤᠨ ᠭᠠᠵᠠᠷ ᠰᠢᠷᠣᠶ ᠶᠢ ᠡᠷᠭᠢᠯᠲᠡ ᠳᠤ ᠣᠷᠣᠯᠴᠠᠬᠤ ᠢᠳᠡᠪᠬᠢᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠵᠠᠷ ᠰᠢᠷᠣᠶ ᠶᠢ ᠰᠣᠯᠢᠬᠤ᠂ ᠰᠢᠯᠵᠢᠭᠦᠯᠦᠨ ᠡᠷᠭᠢᠯᠳᠦᠭᠦᠯᠬᠦ ᠶᠢ ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠲᠦᠭᠡᠮᠡᠯᠵᠢᠭᠦᠯᠦᠨ᠂ ᠣᠯᠠᠨ ᠲᠦᠮᠡᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠦᠷᠭᠦᠯᠵᠢᠯᠡᠨ ᠬᠥᠲᠥᠯᠦᠨ ᠵᠢᠯᠣᠭᠤᠳᠴᠤ᠂ ᠬᠥᠳᠡᠭᠡ ᠲᠣᠰᠬᠤᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠬᠠᠮᠲᠤ ᠶᠢᠨ ᠲᠠᠨᠢᠯᠲᠠ ᠶᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠬᠠᠮᠲᠤ ᠶᠢᠨ ᠭᠠᠵᠠᠷ ᠰᠢᠷᠣᠶ ᠪᠠᠷ ᠬᠤᠪᠢ ᠣᠷᠣᠭᠤᠯᠵᠤ ᠬᠤᠯᠪᠣᠭᠠᠯᠠᠨ ᠡᠵᠡᠩᠨᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠣᠰᠬᠤᠨ  ᠤ  ᠬᠠᠮᠲᠤ  ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ  ᠳᠤ ᠦᠷᠭᠦᠯᠵᠢᠯᠡᠨ ᠡᠨᠧᠷᠭᠢ ᠣᠯᠭᠤᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号