ᠪᠠᠶᠠᠨᠲᠤᠬᠤᠢ ᠪᠠᠯᠭᠠᠰᠤ 2025 ᠣᠨ ᠤ 6 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 27 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠣᠬᠤᠶ ᠪᠠᠯᠭᠠᠰᠤᠨ ᠤ 2025 ᠣᠨ ᠤ 6 ᠳ᠋ᠤᠭᠠᠷ ᠤᠳᠠᠭᠠᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠰᠬᠠᠶ ᠰᠡᠳᠦᠪ ᠢᠶᠠᠷ ᠰᠤᠷᠤᠯᠴᠠᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠦᠬᠠᠶ ᠬᠤᠲᠠ ᠶᠢᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠶᠢ ᠨᠡᠩ ᠪᠠᠲᠤ ᠪᠠᠬᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠶᠢ ᠨᠢᠭᠡ ᠴᠤᠭᠴᠠᠵᠢᠭᠤᠯᠬᠤ᠂ ᠠᠵᠤ ᠦᠢᠯᠡᠰ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠪᠠᠶᠢᠷᠢᠰᠢᠭᠤᠯᠵᠤ᠂ ᠤᠳᠤ ᠦᠶ᠎ᠡ ᠶᠢᠨ ᠲᠠᠷᠢᠶᠠᠯᠠᠩ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠬᠤ ᠬᠡᠷᠡᠭᠲᠡᠢ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠮᠠᠨ ᠤ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠣᠨᠴᠠᠯᠢᠭᠲᠤ ᠰᠣᠳᠣᠨ ᠲᠠᠷᠢᠶᠠᠯᠠᠩ ᠢ ᠶᠡᠬᠡᠪᠡᠷ ᠬᠥᠭᠵᠢᠭᠦᠯᠬᠦ ᠬᠡᠷᠡᠭᠲᠡᠶ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠠᠳᠬᠤᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠲᠠᠷᠢᠶᠠᠨ ᠭᠠᠵᠠᠷ ᠲᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠤᠨ᠂ ᠲᠥᠷᠥᠯ ᠵᠦᠢᠯ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠶᠡᠷᠦᠩᠬᠡᠶᠢᠯᠡᠭᠰᠡᠨ ᠦᠷ᠎ᠡ ᠠᠰᠢᠭ ᠢ ᠣᠷᠳᠣ ᠬᠤᠭᠤᠴᠠᠭ᠎ᠠ ᠪᠠᠷ ᠪᠠᠳᠠᠷᠠᠭᠤᠯᠤᠨ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠤᠨ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ ᠬᠤᠷᠠᠯ ᠠᠴᠠ ᠪᠠᠶᠠᠨᠲᠣᠬᠤᠶ ᠪᠠᠯᠭᠠᠰᠤᠨ ᠤ ᠤᠳᠤᠷᠢᠳᠬᠤ ᠪᠠᠭ ᠤᠨ ᠳᠠᠭᠠᠭᠠᠴᠢᠯᠠᠨ ᠬᠤᠯᠪᠣᠭᠠᠯᠠᠬᠤ ᠲᠣᠰᠬᠤᠨ᠂ ᠭᠤᠤᠯ ᠤᠨ ᠵᠠᠮ ᠤᠨ ᠠᠵᠢᠯ ᠤᠨ ᠬᠤᠪᠢᠶᠠᠷᠢᠯᠠᠯ ᠢ ᠳᠠᠭᠠᠭᠠᠴᠢᠯᠠᠨ ᠬᠤᠯᠪᠣᠭᠠᠯᠠᠬᠤ ᠪᠠᠷ ᠳᠠᠮᠵᠢᠭᠤᠯᠤᠨ᠂ ᠪᠠᠯᠭᠠᠰᠤᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠵᠠᠰᠠᠭ ᠵᠠᠬᠢᠷᠭᠠᠨ ᠤ ᠲᠣᠰᠬᠤᠨ᠂ ᠪᠠᠯᠭᠠᠰᠤᠨ ᠤ ᠱᠠᠲᠤᠨ ᠤ ᠭᠤᠤᠯ ᠤᠨ ᠳᠠᠷᠤᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠭᠤᠤᠯ ᠤᠨ ᠵᠠᠮ ᠳᠤ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠮᠠᠨ ᠤ ᠪᠠᠯᠭᠠᠰᠤᠨ ᠤ ᠵᠠᠰᠠᠭ ᠵᠠᠬᠢᠷᠭᠠᠨ ᠤ ᠲᠣᠰᠬᠤᠨ ᠤ ᠬᠠᠮᠢᠶᠠᠷᠤᠯᠲᠠ ᠵᠢᠴᠢ ᠬᠠᠷᠢᠶᠠᠲᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠬᠤᠷᠠᠯ ᠠᠴᠠ ᠪᠥᠬᠦ ᠪᠠᠯᠭᠠᠰᠤᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠠᠶᠠᠨᠲᠣᠬᠤᠶ ᠪᠠᠯᠭᠠᠰᠤᠨ ᠤ 2025 ᠣᠨ ᠤ ᠵᠥᠪᠯᠡᠬᠦ ᠠᠵᠢᠯ ᠤᠨ ᠲᠥᠯᠥᠪᠯᠡᠭᠡ︾ ᠶᠢ ᠪᠠᠲᠤᠯᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠠᠩᠬᠠᠷᠴᠤ ᠪᠠᠶᠢᠭ᠎ᠠ ᠪᠣᠳᠠᠲᠠᠶ ᠠᠰᠠᠭᠤᠳᠠᠯ ᠢ ᠦᠨᠡᠨ ᠢ ᠪᠠᠷᠢᠮᠲᠠᠯᠠᠨ ᠰᠢᠶ᠋ᠳᠪᠦᠷᠢᠯᠡᠬᠦ ᠶᠢ ᠪᠠᠷᠢᠮᠲᠠᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号