ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/28
      ᠤᠳᠭ᠎ᠠ ᠤᠷᠠᠯᠢᠭ  ᠤᠨ ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠳᠡᠯᠴᠡᠵᠦ ᠬᠠᠢᠨᠠᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠱᠢᠨ᠎ᠡ ᠬᠠᠭᠤᠳᠠᠰᠤ ᠶᠢ ᠬᠠᠮᠲᠤᠪᠠᠷ ᠪᠢᠴᠢᠭ ᠯᠡᠶ᠎ᠡ᠃ 2 ᠰᠠᠷ᠎ᠠ ᠶᠢᠨ 27 ᠤ ᠡᠳᠦᠷ᠂ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ᠂ ᠦᠬᠠᠶ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠯᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤᠢ ᠪᠢᠨ᠂ ᠲᠣᠭᠤᠷᠢᠭ ᠤᠨ ᠤᠳᠤᠷᠢᠳᠤᠯᠭ᠎ᠠ ᠯᠢ ᠨᠠ᠂ ᠵᠧᠦ ᠬᠤᠤ ᠬᠤᠷᠠᠯ ᠳᠤ ᠣᠷᠣᠯᠴᠠᠪᠠ᠃ ᠲᠣᠭᠤᠷᠢᠭ ᠤᠨ ᠤᠯᠠᠨ ᠲᠦᠮᠡᠨ ᠤ ᠪᠦᠯᠬᠦᠮ ᠤᠨ ᠲᠥᠯᠥᠭᠡᠯᠡᠭᠴᠢ ᠶᠡᠭᠡ ᠬᠤᠷᠠᠯ ᠳᠤ ᠪᠠᠶᠠᠷ ᠤᠨ ᠦᠭᠡ ᠬᠡᠯᠡᠵᠦ᠂ ᠪᠦᠬᠦ ᠲᠣᠭᠤᠷᠢᠭ ᠤᠨ ᠤᠳᠬ᠎ᠠ ᠤᠷᠠᠯᠢᠭ ᠤᠨ ᠡᠲᠡᠭᠡᠳ ᠤᠨ 87 ᠲᠥᠯᠥᠭᠡᠯᠡᠭᠴᠢ ᠬᠤᠷᠠᠯ ᠳᠤ ᠣᠷᠣᠯᠴᠠᠪᠠ᠃      ᠯᠢᠦ ᠪᠦᠦ ᠴᠧᠩ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠤᠷᠳᠤ ᠬᠤᠭᠤᠴᠠᠭᠠᠨ ᠤ ᠲᠤᠷᠰᠢ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠤᠨ ᠪᠦᠬᠦ ᠲᠣᠭᠤᠷᠢᠭ ᠤᠨ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠣᠯᠤᠨ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠄ ᠨᠢᠭᠡ ᠳᠤ᠂ ᠰᠣᠶᠣᠯ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ᠂ ᠬᠠᠩᠭᠢᠨᠠᠮ᠎ᠠ ᠣᠷᠭᠢᠯᠤᠮ᠎ᠠ ᠰᠡᠳᠬᠢᠯᠭᠡ᠂ ᠠᠮᠢᠳᠤᠯᠢᠭ ᠪᠢᠷ᠂ ᠰᠡᠳᠬᠢᠯ ᠬᠥᠳᠡᠯᠭᠡᠮ᠎ᠡ ᠲᠦᠷᠢ ᠲᠥᠷᠬᠦ ᠪᠠᠷ ᠭᠤᠣᠯ ᠬᠦᠭ ᠠᠶᠠᠰ ᠢ ᠴᠢᠪᠬᠠᠳᠠᠵᠤ᠂ ᠦᠨᠡᠨ ᠰᠠᠶᠢᠨ ᠰᠠᠶᠢᠬᠠᠨ ᠢ ᠳᠠᠮᠵᠢᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠤᠮᠠᠷᠠᠲᠤ ᠶᠢᠨ ᠬᠠᠶᠢᠨᠠᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠰᠣᠶᠣᠯ ᠤᠨ ᠦᠢᠯᠡᠰ ᠢ ᠵᠥᠪ ᠴᠢᠭᠯᠡᠯ ᠢᠶᠠᠷ ᠠᠬᠢᠭᠤᠯᠬᠤ ᠬᠡᠷᠡᠭᠲᠡᠢ᠃ ᠬᠤᠶᠠᠷ ᠲᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠤᠷᠠᠯᠢᠭ ᠤᠨ ᠬᠥᠭᠡᠭᠡᠴᠡᠯᠳᠦᠯ ᠢ ᠬᠠᠶᠢᠨᠠᠨ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠦᠢᠯᠡᠳᠦᠯᠭᠡ ᠳᠤ ᠠᠭᠤᠰᠤᠯᠴᠠᠭᠤᠯᠵᠤ᠂ ᠤᠮᠠᠷᠠᠲᠤ ᠶᠢᠨ ᠬᠠᠶᠢᠨᠠᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠢᠯᠡᠷᠡᠭᠦᠯᠵᠦ᠂ ᠪᠦᠬᠦ ᠲᠣᠭᠤᠷᠢᠭ ᠢᠶᠠᠷ ᠢᠶᠠᠨ ︽ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠬᠠᠭᠤᠳᠠᠰᠤ ᠶᠢ ᠪᠢᠴᠢᠭᠯᠡᠬᠦ︾ ᠬᠦᠴᠦᠷᠬᠡᠭ ᠶᠡᠭᠡ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠭᠤᠷᠪᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠤ ᠠᠭᠤᠤ ᠶᠡᠭᠡ ᠦᠢᠯᠡᠳᠦᠯᠭᠡ᠂ ᠴᠠᠭ ᠦᠶ᠎ᠡ ᠶᠢᠨ ᠳᠠᠪᠰᠢᠯᠲᠠ ᠶᠢᠨ ᠱᠠᠭᠠᠷᠳᠠᠯᠭ᠎ᠠ ᠶᠢ ᠪᠢᠴᠢᠭᠯᠡᠬᠦ ᠪᠠ ᠲᠡᠮᠳᠡᠭᠯᠡᠬᠦ ᠶᠢᠨ ᠬᠠᠮᠲᠤ ᠮᠠᠨ ᠤ ᠲᠣᠭᠤᠷᠢᠭ ᠤᠨ ᠥᠪᠡᠷᠮᠢᠴᠡ ᠰᠣᠶᠣᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠠᠷᠠᠳ ᠲᠦᠮᠡᠨ ᠢ ᠤᠶᠤᠨ ᠤ ᠠᠮᠢᠳᠤᠷᠠᠯ ᠤᠨ ᠲᠠᠯ᠎ᠠ ᠪᠠᠷ ᠨᠡᠩ ᠶᠡᠭᠡ ᠪᠣᠯᠭᠠᠬᠤ ᠬᠡᠷᠡᠭᠲᠡᠢ᠃ ᠲᠦᠷᠪᠡ ᠳᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠲᠠᠲᠠᠬᠤ ᠬᠦᠴᠦᠨ ᠢ ᠴᠢᠩᠭᠠᠳᠬᠠᠵᠤ᠂ ᠠᠵᠢᠯ ᠤᠨ ᠪᠦᠷᠬᠦᠴᠡ ᠶᠢ ᠥᠷᠭᠡᠳᠬᠡᠵᠦ᠂ ᠦᠢᠯᠡᠴᠢᠯᠡᠭᠡᠨ ᠤ ᠲᠦᠪᠰᠢᠨ ᠪᠣᠯᠤᠨ ᠠᠵᠢᠯ ᠤᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠤᠳᠬ᠎ᠠ ᠤᠷᠠᠯᠢᠭ ᠤᠨ ᠠᠵᠢᠯᠲᠠᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢ ᠦᠨᠡᠨᠬᠦ ᠲᠥᠪᠯᠡᠩᠭᠦᠶ ᠬᠦᠴᠦᠨ ᠢᠶᠠᠷ ᠴᠢᠩᠭ᠎ᠠ᠂ ᠪᠦᠲᠦᠭᠡᠯᠴᠢ ᠬᠦᠴᠦᠨ ᠢᠶᠠᠷ ᠴᠢᠩᠭ᠎ᠠ᠂ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠤᠳᠬ᠎ᠠ ᠤᠷᠠᠯᠢᠭ ᠤᠨ ᠠᠵᠢᠯᠲᠠᠳ ᠤᠨ ᠭᠡᠷ ᠪᠣᠯᠭᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠤᠯᠠᠨ ᠲᠦᠮᠡᠨ ᠤ ᠭᠡᠷᠡᠯ ᠰᠠᠴᠤᠷᠠᠩᠭᠤᠢ ᠠᠤᠭ᠎ᠠ ᠦᠵᠡᠮᠵᠢ ᠶᠢ ᠲᠠᠰᠤᠷᠠᠯᠳᠠ ᠦᠭᠡᠢ ᠪᠦᠷᠢᠯᠳᠦᠭᠦᠯᠬᠦ ᠬᠡᠷᠡᠭᠲᠡᠢ᠃      ᠰᠦᠨ ᠯᠧ ᠦᠬᠠᠢ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ ᠬᠠᠶᠢᠨᠠᠨ ᠲᠣᠭᠤᠷᠢᠭ ᠤᠨ ᠥᠷᠭᠡᠨ ᠤᠯᠠᠨ ᠤᠳᠭ᠋᠎ᠠ ᠤᠷᠠᠯᠢᠭ ᠤᠨ ᠠᠵᠢᠯᠳᠠᠨ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠢᠨ᠎ᠡ ᠴᠠᠭ ᠦᠶ᠎ᠡ ᠶᠢᠨ ᠤᠳᠭ᠋᠎ᠠ ᠤᠷᠠᠯᠢᠭ ᠤᠨ ᠤᠷᠤᠭᠰᠢᠯᠠᠯᠲᠠ ᠶᠢᠨ ᠴᠢᠭᠯᠡᠯ ᠢ ᠵᠢᠯᠣᠭᠤᠳᠴᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠨᠡᠩ ᠤᠯᠠᠨ ᠬᠠᠩᠭᠠᠬᠤ᠂ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠴᠢᠩᠭᠠᠳᠬᠠᠬᠤ ᠴᠢᠨᠠᠷ ᠰᠠᠶᠢᠲᠠᠢ ᠤᠳᠭ᠋᠎ᠠ ᠤᠷᠠᠯᠢᠭ ᠤᠨ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ᠃ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠬᠥᠯ ᠳᠣᠣᠷᠠᠬᠢ ᠰᠢᠪᠠᠷ ᠰᠢᠷᠢ᠂ ᠰᠡᠳᠬᠢᠯ ᠤᠨ ᠭᠠᠯ᠂ ᠪᠢᠷ ᠤᠨ ᠬᠠᠶᠢᠷ᠎ᠠ ᠰᠡᠳᠬᠢᠯᠭᠡ ᠶᠢ ᠬᠠᠶᠢᠨᠠᠨ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠲᠡᠮᠡᠴᠡᠯ ᠤᠨ ᠦᠯᠢᠭᠡᠷ ᠪᠣᠯᠭᠠᠨ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠬᠠᠶᠢᠨᠠᠨ ᠤ ᠵᠣᠷᠢᠭ ᠰᠠᠨᠠᠭ᠎ᠠ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠳᠭ᠋᠎ᠠ ᠤᠷᠠᠯᠢᠭ ᠤᠨ ᠬᠦᠴᠦᠨ ᠢᠶᠠᠷ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ᠂ ᠰᠢᠨ᠎ᠡ ᠴᠠᠭ ᠦᠶ᠎ᠡ ᠶᠢᠨ ᠬᠠᠶᠢᠨᠠᠨ ᠤ ᠥᠪᠡᠷᠮᠢᠴᠡ ᠤᠮᠠᠷᠠᠲᠤ ᠶᠢᠨ ᠰᠣᠶᠣᠯ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠨᠠᠨ ᠤ ᠰᠢᠨ᠎ᠡ ᠬᠥᠭᠵᠢᠯᠲᠡ᠂ ᠰᠢᠨ᠎ᠡ ᠬᠤᠪᠢᠷᠠᠯᠲᠠ ᠶᠢ ᠡᠷᠢᠯᠬᠢᠯᠡᠵᠦ᠂ ᠤᠮᠠᠷᠠᠲᠤ ᠶᠢᠨ ᠰᠣᠶᠣᠯ ᠤᠨ ᠰᠣᠳᠣᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠬᠦ ᠬᠦᠴᠦᠨ ᠪᠣᠯᠤᠨ ᠳᠠᠮᠵᠢᠭᠤᠯᠬᠤ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃      ᠬᠤᠷᠠᠯ ᠠᠴᠠ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾᠂ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠦᠷᠢᠮ︾ ᠢ ᠬᠢᠨᠠᠨ ᠵᠥᠪᠯᠡᠵᠦ ᠪᠠᠲᠤᠯᠠᠨ᠂ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠩᠬᠠᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠪᠣᠯᠤᠨ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠩᠬᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠢ ᠰᠣᠩᠭᠤᠨ ᠭᠠᠷᠭᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号