ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 28 ᠤ ᠡᠳᠦᠷ᠂ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠬᠤᠷᠠᠯᠳᠤᠪᠠ ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠦ ᠬᠤᠤ᠂ ᠵᠤᠤ ᠬᠠᠢ ᠪᠢᠨ᠂ ᠪᠠᠶᠠᠷ ᠵᠢᠴᠢ ᠬᠡᠰᠡᠭ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠳᠡ 27 ᠬᠥᠮᠦᠨ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠣᠣ ᠷᠦᠩ ᠪᠢᠶᠤᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤ ᠹᠠᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠠᠲᠤᠯᠠᠪᠠ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠤᠯᠤᠰ ᠠᠷᠠᠳ ᠤᠨ ᠰᠤᠷᠭᠠᠨ ᠬᠥᠮᠦᠵᠢᠯ ᠳᠤ ᠣᠷᠣᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ ᠬᠢᠪᠡ᠃      ᠵᠠᠩ ᠳ᠋ᠢᠩ ᠸᠧᠢ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠤᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠪᠠᠶᠠᠷ ᠢᠯᠡᠳᠬᠡᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠰᠢᠨ᠎ᠡ ᠠᠵᠢᠯ ᠤᠨ ᠪᠠᠶᠢᠷᠢ᠂ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠷᠢᠯᠲᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠯ᠂ ᠬᠠᠤᠯᠢᠵᠢᠯ ᠤᠨ ᠰᠡᠳᠬᠢᠬᠦᠢ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠴᠢᠷᠮᠠᠶᠢᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃      ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠴᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠰᠦᠪᠯᠡᠬᠦ ᠵᠢᠯ ᠪᠣᠯᠤᠨ᠎ᠠ᠂ ᠮᠥᠨᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠢᠯᠠᠩᠭᠤᠶ᠎ᠠ ᠲᠤᠭᠤᠷᠢᠭ ᠤᠨ ᠨᠠᠮ ᠤᠨ ᠬᠤᠷᠢᠶ᠎ᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠲᠠᠢ ᠨᠢᠭᠲᠠ ᠤᠶᠠᠯᠳᠤᠭᠤᠯᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠭᠤᠣᠯᠳᠠᠯᠭ᠎ᠠ᠂ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠪᠦᠬᠦ ᠲᠤᠭᠤᠷᠢᠭ ᠤᠨ ᠭᠤᠣᠯ ᠠᠵᠢᠯ ᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠷᠳᠡᠭᠡ᠂ ︽ᠠᠷᠠᠳ ᠤᠨ ᠰᠠᠨᠠᠭ᠎ᠠ ᠶᠢ ᠰᠢᠭᠤᠳ ᠲᠡᠷᠭᠡ ᠨᠡᠪᠲᠡᠷᠡᠭᠦᠯᠬᠦ︾ ᠵᠡᠷᠭᠡ ᠠᠷᠠᠳ ᠤᠨ ᠰᠠᠨᠠᠭ᠎ᠠ ᠶᠢ ᠢᠯᠡᠳᠬᠡᠬᠦ ᠲᠠᠪᠴᠠᠩ ᠢ ᠴᠢᠨᠠᠭᠰᠢᠳᠠ ᠰᠠᠶᠢᠲᠤᠷ ᠪᠠᠶᠢᠭᠤᠯᠵᠤ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠠᠶᠢᠨᠠᠨ ᠲᠣᠭᠤᠷᠢᠭ ᠤᠨ ᠲᠥᠯᠥᠭᠡᠯᠡᠭᠴᠢ ᠭᠡᠰᠢᠭᠦᠳ ᠤᠨ ᠲᠣᠭᠠᠴᠢᠯᠠᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠢ ᠠᠰᠢᠭᠯᠠᠵᠤ᠂ ᠤᠯᠠᠨ ᠲᠦᠮᠡᠨ ᠤ ᠤᠯᠤᠰ ᠲᠦᠷᠦ ᠶᠢᠨ ᠪᠠᠶᠢᠭᠤᠯᠤᠯᠲᠠ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠣᠷᠣᠯᠴᠠᠬᠤ ︽ᠡᠴᠦᠰ ᠤᠨ ᠨᠢᠭᠡ ᠮᠧᠳ᠋ᠷ︾ ᠢ ᠨᠡᠪᠲᠡᠷᠡᠭᠦᠯᠦᠨ᠎ᠡ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠶᠢᠭ᠎ᠠ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠬᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠳᠤ ᠣᠷᠣᠯᠴᠠᠬᠤ᠂ ᠬᠢᠨᠠᠯᠲᠠ ᠲᠠᠯᠪᠢᠬᠤ ᠵᠦᠢᠯᠡᠰ ᠢ ᠲᠤᠰᠬᠠᠬᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠤ ᠣᠷᠣᠯᠴᠠᠬᠤ ᠵᠡᠷᠭᠡ ᠲᠦᠷᠪᠡᠨ ᠵᠦᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠣᠭᠲᠠᠴᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠲᠥᠯᠥᠭᠡᠯᠡᠭᠴᠢᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠬᠦᠴᠦᠨ ᠨᠡᠮᠡᠷᠢᠯᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠡᠷᠬᠢᠨ ᠬᠠᠷᠠᠬᠤ︾ ᠵᠢᠴᠢ ᠰᠠᠬᠢᠯᠭ᠎ᠠ ᠪᠠᠲᠤ ᠣᠪᠣᠷ ᠰᠤᠷᠲᠠᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠡᠷᠬᠢᠮᠯᠡᠬᠦ᠂ ᠠᠷᠠᠳᠴᠢᠯᠠᠯ ᠢ ᠪᠠᠳᠠᠷᠠᠭᠤᠯᠬᠤ᠂ ᠬᠢᠴᠢᠶᠡᠨ ᠴᠢᠷᠮᠠᠶᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号