ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠭᠤᠷᠪᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ 35 ᠳ᠋ᠤᠭᠠᠷ ᠤᠳᠠᠭᠠᠨ ᠤ ᠡᠷᠬᠢᠯᠡᠭᠴᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/28
      2 ᠰᠠᠷ᠎ᠠ ᠶᠢᠨ 28 ᠤ ᠡᠳᠦᠷ᠂ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2025 ᠣᠨ ᠤ ᠭᠤᠷᠪᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ 35 ᠳ᠋ᠤᠭᠠᠷ ᠤᠳᠠᠭᠠᠨ ᠤ ᠡᠷᠬᠢᠯᠡᠭᠴᠢ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠳ᠋ᠢᠩ ᠸᠧᠢ ᠬᠤᠷᠠᠯ ᠡᠷᠭᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠦ ᠬᠤᠤ᠂ ᠵᠤᠤ ᠬᠠᠢ ᠪᠢᠨ᠂ ᠪᠠᠶᠠᠷ ᠬᠤᠷᠠᠯ ᠳᠤ ᠣᠷᠣᠯᠴᠠᠵᠠᠢ᠃      ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃      ᠡᠷᠬᠢᠯᠡᠭᠴᠢᠳ ᠤᠨ ᠬᠤᠷᠠᠯ ᠠᠴᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠬᠤᠷᠠᠯ ᠤᠨ ᠵᠥᠪᠯᠡᠬᠦ ᠵᠦᠢᠯ᠂ ᠡᠳᠦᠷ ᠤᠨ ᠳᠠᠷᠠᠭᠠᠯᠠᠯ ︵ᠲᠥᠰᠦᠯ︶ ᠢ ᠰᠤᠳᠤᠯᠤᠨ ᠲᠣᠭᠲᠠᠭᠠᠪᠠ︔ ᠠᠵᠢᠯᠲᠠᠨ ᠤ ᠶᠠᠪᠤᠳᠠᠯ ᠢ ᠲᠣᠮᠢᠯᠠᠵᠤ ᠪᠠᠭᠤᠯᠭᠠᠬᠤ ᠶᠠᠪᠤᠳᠠᠯ ᠢ ᠰᠤᠳᠤᠯᠪᠠ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶ ᠵᠢᠴᠢ 2025 ᠣᠨ ᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ︵ᠲᠥᠰᠦᠯ︶᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠤᠯᠤᠰ ᠠᠷᠠᠳ ᠤᠨ ᠰᠤᠷᠭᠠᠨ ᠬᠥᠮᠦᠵᠢᠯ ᠳᠤ ᠣᠷᠣᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号