ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 127 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 6 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᡁᠢ ᠯᠸᠢ ᠭᠦᠬᠤᠰᠣ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 127 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠪᠠᠶᠠᠷ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠵᠦ ᠪᠠᠶᠢᠭ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ︽ᠦᠨᠡᠨ︾ ᠰᠡᠳᠬᠦᠯ ᠳᠤ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠰᠤᠷᠭᠠᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠶ᠎ᠠ︾ ᠭᠡᠬᠦ ᠴᠢᠬᠤᠯᠠ ᠵᠣᠬᠢᠶᠠᠯ ᠨᠡᠶᠢᠲᠡᠯᠡᠵᠦ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠮᠠᠨ ᠤ ᠪᠠᠯᠭᠠᠰᠤᠨ ᠤ ᠪᠣᠳᠠᠲᠠᠢ ᠠᠵᠢᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠮᠠᠨ ᠤ ᠪᠠᠯᠭᠠᠰᠤᠨ ᠤ ᠠᠵᠤ ᠠᠬᠤᠢ ᠶᠢᠨ ᠬᠥᠭᠵᠢᠯᠲᠡ᠂ ᠠᠵᠢᠯ ᠣᠯᠵᠤ ᠦᠢᠯᠡᠰ ᠪᠤᠰᠬᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠵᠡᠷᠭᠡ ᠲᠠᠯ᠎ᠠ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠲᠠᠨᠢᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠢᠬᠦ ᠬᠡᠷᠡᠭᠲᠡᠢ᠃ ᠬᠤᠶᠠᠷ ᠲᠤ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠡᠷᠬᠢᠯᠡᠬᠦ ᠶᠢ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠰᠣᠶᠣᠯ ᠤᠨ ᠠᠵᠢᠯᠯᠠᠭ᠎ᠠ ᠶᠢᠨ ᠡᠬᠢ ᠪᠠᠶᠠᠯᠢᠭ ᠤᠨ ᠨᠥᠯᠥᠭᠡᠯᠡᠬᠦ ᠳᠠᠪᠠᠭᠤᠯᠢᠭ ᠢ ᠪᠠᠳᠠᠷᠠᠭᠤᠯᠵᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠪᠦᠬᠦ ᠠᠷᠠᠳ ᠤᠨ ᠤᠶᠤᠨ ᠰᠠᠨᠠᠭᠠᠨ ᠤ ᠪᠠᠶᠠᠨ ᠴᠢᠨᠡᠭᠡᠯᠢᠭ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠠᠶᠢᠩᠭᠤᠵᠢᠭᠰᠠᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠤᠯᠠᠨ ᠲᠦᠮᠡᠨ ᠤ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠦᠷᠪᠡ ᠳᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠳᠤ ᠥᠷᠭᠡᠨ ᠢᠶᠠᠷ ᠣᠷᠣᠯᠴᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠨᠠᠮ ᠤᠨ ᠰᠤᠷᠲᠠᠯ ᠢ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠠᠮᠲᠤᠪᠠᠷ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号