ᠯᠢᠦ ᠪᠦᠦ ᠴᠧᠩ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠯᠢ ᠨᠠ᠂ ᠮᠠ ᠺᠠᠢ ᠣᠷᠣᠯᠴᠠᠪᠠ᠃      ᠯᠢᠦ ᠪᠦᠦ ᠴᠧᠩ ᠨᠠᠷ ᠤᠷᠢᠳ ᠬᠤᠵᠢᠳ ᠡᠯ ᠳ᠋ᠤᠤ ᠺᠠᠨ ᠳᠠᠬᠢ ᠳᠣᠬᠢᠶᠠᠨ ᠤ ᠭᠠᠯ ᠤᠨ ᠲᠠᠪᠴᠠᠩ᠂ ᠶᠠᠩ ᠭᠤᠸᠠᠩ ᠲᠢᠶᠠᠨ ᠢᠦᠢ ᠤᠯᠠᠨ ᠤᠯᠤᠰ ᠤᠨ ᠠᠷᠢᠬᠢᠨ ᠫᠦᠰᠡ᠂ ᠦᠬᠠᠢ ᠶᠢᠨ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ ᠤᠯᠤᠰ ᠤᠨ ᠡᠨᠧᠷᠭᠢ ᠶᠢᠨ ᠺᠣᠮᠫᠠᠨᠢ ᠶᠢᠨ ᠯᠣᠭᠰᠢᠲᠠᠷ ᠨᠡᠭᠦᠷᠡᠰᠦᠨ ᠠᠭᠤᠷᠬᠠᠢ ᠶᠢᠨ ᠲᠡᠦᠬᠡ ᠶᠢᠨ ᠣᠷᠳᠣᠨ᠂ ᠮᠤᠨᠢ ᠠᠭᠤᠯᠠ ᠶᠢᠨ ᠨᠣᠮ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ︽ᠵᠢᠷᠭᠤᠭᠠᠨ ᠠᠵᠢᠯᠯᠠᠭ᠎ᠠ︾ ᠶᠢᠨ ᠨᠢᠭᠡ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠣᠯ ᠨᠢᠭᠡ ᠵᠦᠢᠯ ᠤᠨ ᠰᠣᠶᠣᠯ ᠤᠨ ᠠᠵᠢᠯ ᠪᠣᠯᠬᠤ ᠪᠠᠷ ᠪᠠᠷᠠᠬᠤ ᠥᠬᠡᠶ᠂ ᠨᠠᠩ ᠴᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠ ᠠᠵᠤ ᠠᠬᠤᠶ ᠶᠢᠨ ᠬᠥᠭᠵᠢᠯᠲᠡ ᠲᠠᠢ ᠬᠤᠯᠪᠣᠭᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠵᠡᠮᠳᠡᠵᠦ᠂ ᠬᠠᠳᠤᠨ ᠭᠤᠣᠯ ᠤᠨ ᠰᠣᠶᠣᠯ᠂ ᠠᠵᠤ ᠦᠢᠯᠡᠳᠪᠦᠷᠢ ᠶᠢᠨ ᠰᠣᠶᠣᠯ ᠵᠡᠷᠭᠡ ᠣᠷᠣᠨ ᠪᠦᠰᠡ ᠶᠢᠨ ᠤᠨᠴᠠᠯᠢᠬᠳᠤ ᠰᠣᠶᠣᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠤᠨ ᠲᠠᠶᠢᠯᠪᠤᠷᠢᠯᠠᠬᠤ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠤᠯᠠᠮᠵᠢᠯᠠᠨ ᠳᠡᠯᠭᠡᠷᠡᠭᠦᠯᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ︽ᠤᠮᠠᠷᠠᠲᠤ ᠶᠢᠨ ᠬᠠᠶᠢᠨᠠᠨ︾ ᠤ ᠢᠯᠭᠠᠨ ᠲᠠᠨᠢᠬᠤ ᠬᠡᠮᠵᠢᠶ᠎ᠡ ᠲᠠᠢ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠠᠭᠤᠯᠭ᠎ᠠ ᠶᠢᠨ ᠰᠢᠨ᠎ᠡ ᠶᠢ ᠡᠭᠦᠳᠴᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠤᠮᠳᠠᠬᠢ ᠪᠣᠳᠠᠲᠠᠶ ᠡᠭᠦᠷᠭᠡ ᠪᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠭᠠᠳᠠᠭᠰᠢ ᠭᠠᠷᠬᠤ ᠶᠢ ᠰᠢᠨ᠎ᠡ ᠶᠢ ᠡᠭᠦᠳᠦᠨ ᠠᠬᠢᠭᠤᠯᠵᠤ᠂ ᠨᠠᠩ ᠣᠯᠠᠨ ᠬᠥᠮᠦᠨ ᠳᠤ ᠤᠮᠠᠷᠠᠲᠤ ᠶᠢᠨ ᠬᠠᠶᠢᠨᠠᠨ ᠤ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠬᠦ ᠬᠡᠷᠡᠭᠲᠡᠶ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠤᠨ ᠬᠥᠭᠵᠢᠯᠲᠡ ᠶᠢ ᠦᠷᠭᠦᠯᠵᠢᠯᠡᠨ ᠬᠥᠭᠵᠢᠭᠦᠯᠵᠦ᠂ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠰᠢᠨ᠎ᠡ ᠬᠢᠯᠠᠰ ᠴᠡᠭ ᠢ ᠪᠤᠶᠢᠵᠢᠭᠤᠯᠵᠤ᠂ ᠬᠠᠶᠢᠨᠠᠨ ᠲᠣᠭᠤᠷᠢᠭ ᠤᠨ ᠬᠤᠲᠠ ᠶᠢᠨ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号