3 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠥᠷᠭᠡᠳᠬᠡᠭᠰᠡᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ ᠵᠢᠴᠢ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ | ᠬᠠᠮᠢᠶ᠎ᠠ ᠪᠦᠬᠦᠢ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠲᠤᠭᠤᠷᠢᠭ ᠤᠨ ᠠᠵᠢᠯ ᠢ ᠨᠠᠷᠢᠨ ᠬᠢᠨᠠᠮᠠᠭᠠᠢ ᠰᠤᠳᠤᠯᠤᠨ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ | ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠴᠢᠨᠠᠭᠰᠢᠳᠠ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠠᠷ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ | ᠲᠡᠭᠦᠰᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ | ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠭᠦᠯᠬᠦ︾ ᠴᠢᠬᠤᠯᠠ ᠵᠣᠬᠢᠶᠠᠯ ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ | ︽ᠭᠤᠷᠪᠠᠨ ᠢᠯᠵᠠᠷᠠᠬᠤ ᠦᠭᠡᠢ︾ ᠳᠣᠲᠣᠭᠠᠳᠤ ᠯᠣᠭᠢᠭ ᠢ ᠣᠨᠣᠪᠴᠢᠲᠠᠶ ᠣᠶᠢᠯᠠᠭᠠᠵᠤ᠂ ᠪᠦᠬᠦᠯᠢ ᠴᠣᠭᠴᠠ ᠪᠠᠷ ᠨᠢ | ᠡᠵᠡᠮᠳᠡᠨ᠂ ︽ᠭᠤᠷᠪᠠᠨ ᠢᠯᠵᠠᠷᠠᠬᠤ ᠦᠭᠡᠢ︾ ᠳᠣᠲᠣᠭᠠᠳᠤ ᠯᠣᠭᠢᠭ ᠢ ᠨᠡᠪᠲᠡᠷᠡᠯᠴᠡᠭᠦᠯᠦᠨ ᠲᠠᠨᠢᠵᠤ᠂ ᠵᠡᠷᠭᠡ ᠪᠠᠷ | ᠬᠦᠴᠦᠯᠡᠬᠦ᠂ ᠵᠡᠷᠭᠡ ᠪᠠᠷ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠪᠠᠷᠢᠮᠲᠠᠯᠠᠨ᠂ ︽ᠢᠯᠵᠠᠷᠠᠬᠤ ᠠᠴᠠ | ᠵᠢᠷᠦᠬᠡᠰᠢᠶᠡᠬᠦ︾ ᠬᠠᠲᠠᠭᠤ ᠬᠢᠵᠠᠭᠠᠷᠯᠠᠯ ᠪᠠ ︽ᠢᠯᠵᠠᠷᠠᠬᠤ ᠶᠢ ᠪᠤᠳᠤᠬᠤ ᠦᠭᠡᠢ︾ ᠦᠵᠡᠯ ᠰᠠᠨᠠᠭᠠᠨ ᠤ ᠤᠬᠠᠮᠰᠠᠷ ᠢ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ | ᠨᠡᠶᠢᠲᠡᠯᠡᠭᠰᠡᠨ ᠴᠢᠬᠤᠯᠠ ᠵᠣᠬᠢᠶᠠᠯ ︽ᠠᠵᠤ ᠠᠬᠤᠢ ᠶᠢᠨ ᠠᠵᠢᠯ ᠨᠢ ᠡᠷᠬᠡᠪᠰᠢ ᠬᠡᠳᠦᠨ ᠬᠤᠣᠰ ᠴᠢᠬᠤᠯᠠ | ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠶᠢ ᠡᠨᠡ ᠵᠢᠯ ᠤᠨ ᠠᠵᠤ ᠠᠬᠤᠢ ᠶᠢᠨ ᠠᠵᠢᠯ ᠢ | ᠰᠠᠶᠢᠲᠤᠷ ᠬᠢᠬᠦ ᠶᠢᠨ ᠴᠢᠬᠤᠯᠠ ᠵᠢᠷᠤᠮᠯᠠᠯ ᠪᠣᠯᠭᠠᠵᠤ᠂ ᠲᠠᠪᠤᠨ ︽ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠶᠢ | ᠭᠦᠨᠵᠡᠭᠡᠢ ᠡᠵᠡᠮᠰᠢᠨ ᠬᠡᠷᠡᠭᠯᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ | ᠰᠢᠪᠲᠤᠯᠤᠯᠲᠠ ᠶᠢᠨ ᠴᠡᠭ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠨ ᠤ | ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠬᠦᠴᠦᠨ ᠴᠢᠳᠠᠯ ᠬᠤᠷᠠᠮᠳᠤᠭᠤᠯᠵᠤ ᠥᠭᠬᠦ ᠬᠡᠷᠡᠭᠲᠡᠢ᠃ | ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠡᠷᠴᠢᠮ ᠢᠶᠠᠨ | ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ | ᠪᠠᠶᠢᠬᠤ ᠶᠢ ᠪᠠᠷᠢᠮᠲᠠᠯᠠᠵᠤ᠂ ᠡᠭᠦᠷᠭᠡ ᠶᠢ ᠲᠠᠬᠢᠨ ᠪᠣᠳᠠᠲᠠᠶᠢᠵᠢᠭᠤᠯᠵᠤ᠂ ᠲᠠᠬᠢᠨ ᠪᠠᠶᠢᠷᠢᠯᠠᠭᠤᠯᠵᠤ᠂ ᠲᠠᠬᠢᠨ | ᠭᠦᠨᠵᠡᠭᠡᠶᠢᠷᠡᠭᠦᠯᠵᠦ᠂ ᠬᠡᠪ ᠤᠨ ᠪᠤᠰᠤ ᠪᠠᠷᠢᠮᠵᠢᠶ᠎ᠠ ᠪᠠᠷ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠨᠡᠨ ᠬᠦ ᠰᠠᠶᠢᠲᠤᠷ ᠬᠢᠵᠦ᠂ ︽ᠨᠢᠭᠡ | ᠪᠠᠯᠭᠠᠰᠤ ︵ᠵᠡᠭᠡᠯᠢ ᠭᠤᠳᠤᠮᠵᠢ︶ ᠳᠤ ᠨᠢᠭᠡ ᠪᠣᠳᠠᠲᠤ ᠶᠠᠪᠤᠳᠠᠯ︾ ᠢ ᠦᠨᠡᠨ ᠬᠦ ᠰᠠᠶᠢᠲᠤᠷ ᠬᠢᠵᠦ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠦᠬᠦ ᠤᠯᠤᠰ᠂ ᠪᠦᠬᠦ | ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ᠂ ᠪᠦᠬᠦ ᠤᠯᠤᠰ᠂ ᠪᠦᠬᠦ ᠣᠷᠣᠨ᠂ ᠪᠦᠬᠦ | ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠪᠦᠬᠦ ᠤᠯᠤᠰ᠂ ᠪᠦᠬᠦ ᠣᠷᠣᠨ᠂ ᠪᠦᠬᠦ | ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ | ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |