3 ᠰᠠᠷ᠎ᠠ ᠶᠢᠨ 7 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2025 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢ ᠬᠤᠷᠠᠯᠳᠤᠭᠤᠯᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ | ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠪᠠᠶ ᠴᠦᠨ ᠯᠸᠢ ᠬᠤᠷᠠᠯ ᠡᠷᠭᠢᠯᠡᠪᠡ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ | ᠠᠬᠤᠢ ᠶᠢ ᠲᠡᠮᠡᠴᠡᠵᠦ᠂ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠣᠯᠤᠨ | ᠠᠮᠤᠷ ᠲᠦᠪᠰᠢᠨ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ ᠢᠶᠠᠷ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠶᠢᠨᠠᠨ ᠢ | ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ | ᠬᠤᠯᠪᠣᠭᠳᠠᠯ ᠪᠦᠬᠦᠢ ᠤᠳᠤᠷᠢᠳᠬᠤ ᠨᠥᠬᠦᠳ ᠤᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠦᠵᠡᠬᠦ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠪᠠᠷ ᠪᠦᠬᠦ ᠲᠠᠯ᠎ᠠ ᠶᠢ ᠡᠵᠡᠮᠳᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ | ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠠᠵᠤ ᠠᠬᠤᠶ ᠶᠢᠨ ᠠᠵᠢᠯ ᠳᠤ ᠡᠷᠬᠡᠪᠰᠢ ᠬᠡᠳᠦᠨ ᠬᠤᠤᠰ | ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠲᠥᠯᠥᠪᠯᠡᠬᠦ︾ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠨ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠲᠦᠪᠰᠢᠨ ᠢᠶᠠᠨ | ᠳᠡᠭᠡᠭᠰᠢᠯᠡᠭᠦᠯᠦᠨ᠂ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡ ᠶᠢ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠣᠯᠭ᠎ᠠ ᠪᠣᠯᠭᠠᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠮᠠᠨ ᠤ ᠲᠤᠭᠤᠷᠢᠭ ᠤᠨ ︽ᠳᠠᠭᠠᠭᠤᠯᠤᠭᠴᠢ︾ ᠠᠵᠤ | ᠠᠬᠤᠶᠢᠯᠠᠯ ᠢ ᠪᠤᠶᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠶ᠃ | ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | 2024 ᠣᠨ ᠤ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠠᠶᠢᠳᠠᠯ᠂ ᠨᠢᠭᠡᠳᠦᠭᠡᠷ ᠤᠯᠠᠷᠢᠯ ᠤᠨ ᠪᠦᠬᠦ ᠣᠷᠣᠨ ᠤ ᠠᠶᠤᠯᠭᠦᠢ | ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠵᠢᠴᠢ 2025 ᠣᠨ ᠤ ᠠᠶᠤᠯᠭᠦᠢ ᠦᠢᠯᠡᠳᠪᠦᠷᠢᠯᠡᠯ ᠤᠨ | ᠭᠤᠣᠯᠳᠠᠯᠭ᠎ᠠ ᠲᠠᠢ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠠᠭ ᠢᠮᠠᠭᠲᠠ | ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠪᠣᠯᠤᠨ ᠬᠤᠷᠢᠭ᠎ᠠ | ᠱᠤᠭᠤᠮ ᠢ ᠪᠠᠲᠤ ᠰᠠᠬᠢᠵᠤ᠂ ᠮᠠᠨ ᠤ ᠣᠷᠣᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ | ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠭᠠᠯ ᠤᠨ ᠭᠠᠮᠰᠢᠭ ᠤᠨ ᠳᠠᠯᠳᠠ ᠬᠡᠮ ᠢ | ᠬᠥᠳᠡᠯᠦᠩᠭᠦᠶ ᠪᠠᠷ ᠠᠷᠢᠯᠭᠠᠬᠤ ᠪᠠ ᠬᠠᠤᠯᠢ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠪᠠᠶᠢᠴᠠᠭᠠᠨ | ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠨᠢᠭᠡ ᠯᠡ | ᠬᠡᠯᠬᠢᠶ᠎ᠠ ᠶᠢ ᠴᠢᠩᠭ᠎ᠠ ᠠᠳᠬᠤᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ | ᠲᠦᠪᠰᠢᠨ ᠲᠣᠭᠲᠠᠭᠤᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠬᠤᠶᠠᠷ ᠬᠤᠷᠠᠯ︾ ᠤᠨ | ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠬᠤᠷᠠᠯ ᠠᠴᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠣᠯ ᠪᠦᠬᠦ ᠵᠢᠯ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠲᠦᠢᠯ ᠤᠨ ᠴᠢᠬᠤᠯᠠ ᠭᠤᠭᠴᠤᠭ᠎ᠠ ᠮᠥᠨ᠂ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠲᠡ ᠠᠴᠠ ᠭᠠᠷ ᠬᠥᠳᠡᠯᠵᠦ᠂ ᠡᠷᠲᠡ ᠠᠴᠠ | ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ︽ᠨᠠᠮ ᠵᠠᠰᠠᠭ ᠠᠳᠠᠯᠢ | ᠬᠠᠷᠢᠭᠤᠴᠠᠯᠭ᠎ᠠ ᠲᠠᠢ ᠪᠠᠶᠢᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ | ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |