ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠬᠤᠷᠢᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
      3 ᠰᠠᠷ᠎ᠠ ᠶᠢᠨ 6 ᠤ ᠡᠳᠦᠷ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠤᠢ ᠪᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠯᠢᠦ ᠶᠦᠩ᠂ ᠶᠦᠨ ᠰᠢᠶᠤᠤ ᠵᠢᠶᠦ᠋ᠨ᠂ ᠹᠦ᠋ ᠵᠢᠶᠧ᠂ ᠶᠢᠨ ᡁᠢ ᠶᠦᠩ ᠵᠢᠴᠢ ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ᠂ ᠦᠬᠠᠢ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠨᠠᠨ ᠲᠣᠭᠤᠷᠢᠭ ᠤᠨ 2025 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ︵ᠲᠥᠰᠦᠯ︶᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶᠂ 2025 ᠣᠨ ᠤ ᠭᠡᠰᠢᠭᠦᠳ ᠤᠨ ᠰᠤᠷᠤᠯᠴᠠᠯᠭ᠎ᠠ ᠪᠣᠯᠪᠠᠰᠤᠷᠠᠯ ᠤᠨ ᠲᠥᠯᠥᠪᠯᠡᠭᠡ ︵ᠲᠥᠰᠦᠯ︶ ᠵᠢᠴᠢ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠪᠡ᠃      ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠨᠠᠮ ᠤᠨ ᠵᠣᠷᠢᠯᠲᠠ ᠶᠢ ᠤᠯᠤᠰ ᠲᠦᠷᠦ ᠶᠢᠨ ᠵᠥᠪᠯᠡᠯᠭᠡᠨ ᠳᠤ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠬᠠᠮᠰᠠᠷ ᠠᠴᠠ ᠪᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢ ᠪᠠᠶᠠᠯᠢᠭᠵᠢᠭᠤᠯᠬᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠭᠤᠣᠯᠳᠠᠯᠭ᠎ᠠ ᠪᠣᠯᠭᠠᠵᠤ᠂ ᠪᠦᠬᠦ ᠲᠤᠭᠤᠷᠢᠭ ᠤᠨ ᠭᠤᠣᠯ ᠠᠵᠢᠯ ᠢ ᠴᠢᠩᠭ᠎ᠠ ᠠᠩᠬᠠᠷᠴᠤ᠂ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠶᠠᠪᠤᠳᠠᠯ ᠢ ᠭᠦᠨᠵᠡᠭᠡᠢ ᠪᠣᠳᠠᠲᠠᠢ ᠬᠢᠵᠦ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭ᠎ᠠ ᠠᠳᠬᠤᠵᠤ᠂ ᠣᠨ ᠤ ᠵᠥᠪᠯᠡᠬᠦ ᠲᠥᠯᠥᠪᠯᠡᠭᠡ ᠪᠣᠯᠤᠨ ᠠᠵᠢᠯ ᠤᠨ ᠭᠤᠣᠯᠳᠠᠯᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠭᠡᠯ ᠢ ᠦᠨᠡᠨ ᠬᠦ ᠨᠠᠮ ᠵᠠᠰᠠᠭ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号