ᠪᠠᠶᠠᠨᠲᠤᠬᠤᠢ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/11
      ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠷᠠᠭᠠᠴᠢ ᠶᠢᠨ ᠤᠰᠤᠯᠠᠯᠲᠠ ᠶᠢᠨ ᠤᠰᠤ ᠬᠡᠷᠡᠭᠯᠡᠬᠦ ᠬᠡᠪ ᠤᠨ ᠶᠣᠰᠣᠭᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 10 ᠤ ᠡᠳᠦᠷ᠂ ᠪᠠᠶᠠᠨᠲᠣᠬᠤᠶ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠯᠢᠦ ᠶᠠᠨ ᠫᠧᠩ ᠬᠤᠷᠠᠯ ᠡᠷᠭᠢᠯᠡᠵᠦ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠪᠠᠯᠭᠠᠰᠤᠨ ᠤ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠲᠣᠰᠬᠤᠨ ᠤ ᠨᠢᠭᠡᠳᠦᠭᠡᠷ ᠱᠦᠵᠢ᠂ ᠡᠯ᠎ᠡ ᠲᠣᠰᠬᠤᠨ ᠤ ᠱᠦᠵᠢ᠂ ᠤᠰᠤᠨ ᠤ ᠶᠠᠪᠤᠳᠠᠯ ᠤᠨ ᠠᠵᠢᠯ ᠤᠨ ᠥᠷᠲᠡᠭᠡ ᠶᠢᠨ ᠳᠠᠷᠤᠭ᠎ᠠ᠂ ᠤᠰᠤᠨ ᠤ ᠶᠠᠪᠤᠳᠠᠯ ᠤᠨ ᠪᠦᠯᠦᠭᠯᠡᠯ ᠤᠨ ᠢᠨᠵᠧᠨᠧᠷ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠴᠢᠩᠭ᠎ᠠ ᠠᠩᠬᠠᠷᠴᠤ᠂ ᠠᠵᠢᠯ ᠤᠨ ᠡᠭᠦᠷᠭᠡ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠴᠡᠭᠴᠡᠯᠡᠨ ᠵᠠᠰᠠᠬᠤ ᠬᠡᠷᠡᠭᠲᠡᠶ᠃ ᠨᠢᠭᠡ ᠳᠤ᠂ ᠤᠰᠤᠨ ᠠᠰᠢᠭᠯᠠᠯᠲᠠ ᠶᠢᠨ ᠰᠤᠪᠠᠭ ᠤᠨ ᠬᠤᠷᠠᠭᠰᠠᠨ ᠰᠢᠪᠠᠷ ᠢ ᠴᠡᠪᠡᠷᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠪᠴᠢᠶᠡᠨ ᠳᠠᠬᠢ ᠪᠠᠷᠢᠯᠭ᠎ᠠ ᠶᠢᠨ ᠲᠥᠬᠦᠭᠡᠷᠦᠮᠵᠢ ᠶᠢ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠥᠬᠡᠶ ᠪᠠᠶᠢᠳᠠᠯ ᠢ ᠰᠢᠢᠳᠪᠦᠷᠢᠯᠡᠨ᠎ᠡ᠂ ᠡᠭᠦᠨ ᠳᠤ ᠵᠠᠮ ᠰᠤᠪᠠᠭ ᠡᠯᠳᠡᠪ ᠪᠣᠳᠠᠰ᠂ ᠪᠤᠵᠠᠷ ᠡᠪᠡᠰᠦ ᠪᠤᠶᠤ ᠯᠠᠭ ᠰᠢᠪᠠᠷ ᠠᠴᠠ ᠪᠣᠯᠵᠣ ᠲᠦᠭᠵᠢᠷᠡᠭᠰᠡᠨ᠂ ᠲᠠᠷᠢᠶᠠᠨ ᠭᠠᠵᠠᠷ ᠤᠨ ᠵᠠᠮ ᠬᠦᠨᠳᠦ ᠨᠣᠴᠢᠲᠠᠶ ᠬᠤᠲᠣᠭᠤᠷ ᠭᠠᠵᠠᠷ ᠵᠡᠷᠭᠡ ᠶᠢ ᠪᠠᠭᠲᠠᠭᠠᠵᠤ᠂ ᠲᠠᠷᠢᠶᠠᠯᠠᠩ ᠤᠨ ᠤᠰᠤᠯᠠᠯᠲᠠ ᠶᠢᠨ ︽ᠲᠦᠭᠵᠢᠷᠡᠯ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠪᠠᠯᠭᠠᠰᠤᠨ ᠤ ᠠᠵᠢᠯᠲᠠᠨ᠂ ᠡᠯ᠎ᠡ ᠲᠣᠰᠬᠤᠨ ᠤ ᠬᠠᠮᠢᠶ᠎ᠠ ᠪᠥᠬᠦᠶ ᠠᠵᠢᠯᠲᠠᠨ ᠪᠣᠯᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠶᠢᠨ ᠬᠢᠨ ᠥᠨᠳᠥᠷ ᠪᠦᠲᠦᠮᠵᠢᠲᠡᠶ ᠪᠠᠷ ᠨᠡᠪᠲᠡᠷᠡᠯᠴᠡᠵᠦ᠂ ᠢᠳᠡᠪᠬᠢᠲᠡᠶ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠢᠳᠡᠪᠬᠢᠲᠡᠶ ᠰᠢᠢᠳᠪᠦᠷᠢᠯᠡᠵᠦ᠂ ᠲᠥᠷᠥᠯ ᠵᠦᠢᠯ ᠤᠨ ᠲᠦᠷᠭᠡᠨ ᠠᠶᠢᠵᠠᠮ ᠢ ᠠᠬᠢᠭᠤᠯᠬᠤ ᠶᠢ ᠦᠨᠡᠨ ᠬᠦ ᠪᠠᠲᠤᠯᠠᠪᠠ᠃ ᠭᠤᠷᠪᠠ ᠳᠤ᠂ ᠲᠡᠷᠢᠭᠦᠨ ᠤ ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠡᠷᠢᠭᠦᠨ ᠤ ᠭᠠᠵᠠᠷ ᠣᠷᠣᠨ ᠤ ᠦᠢᠯᠡᠳᠦᠯᠭᠡ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠰᠤᠷᠤᠯᠴᠠᠨ ᠰᠤᠳᠤᠯᠬᠤ ᠪᠠᠨ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠥᠷᠥᠯ ᠵᠦᠢᠯ ᠢ ᠬᠡᠷᠡᠭᠵᠢᠭᠦᠯᠬᠦ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号