ᠬᠠᠶᠢᠨᠠᠨ ᠲᠤᠭᠤᠷᠢᠭ ᠤᠨ ᠶᠡᠬᠡᠪᠡᠷ ᠠᠵᠢᠯᠯᠠᠬᠤ ᠶᠢ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2025/3/11
      ᠵᠢᠯ ᠤᠨ ᠠᠵᠢᠯ ᠬᠠᠪᠤᠷ ᠲᠤ ᠪᠤᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠲᠡᠷᠢᠭᠦᠨ ᠪᠠᠶᠢᠷᠢᠨ ᠳᠤ ᠲᠠᠯᠪᠢᠪᠠ᠃ ᠦᠬᠠᠶ ᠬᠤᠲᠠ ᠶᠢᠨ ᠷᠦᠩ ᠰᠢᠨ ᠡᠨᠧᠷᠭᠢ ᠶᠢᠨ ᠺᠣᠮᠫᠠᠨᠢ ᠶᠢᠨ ᠬᠠᠭᠤᠷᠠᠶ ᠤᠨᠲᠠᠷᠠᠭᠠᠯᠲᠠ ᠶᠢᠨ ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ ᠵᠢᠴᠢ ᠢᠵᠢ ᠪᠥᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠦᠷᠴᠦ ᠶᠠᠭᠠᠷᠠᠯᠲᠠᠶ ᠪᠠᠶᠢᠯ᠎ᠠ᠃ ᠮᠠᠰᠢᠨ ᠤ ᠬᠦᠩᠭᠢᠨᠡᠮ᠎ᠡ ᠳᠠᠭᠤᠨ ᠰᠣᠯᠪᠢᠴᠠᠨ ᠰᠦᠯᠵᠢᠯᠳᠦᠵᠦ᠂ ᠡᠷᠭᠦᠭᠦᠷ ᠲᠡᠷᠭᠡᠨ ᠤ ᠤᠷᠲᠤ ᠭᠠᠷ ᠨᠢ ᠠᠶᠢᠵᠠᠮ ᠲᠠᠢ ᠪᠠᠷ ᠬᠤᠷᠦ᠋ᠢᠯᠠᠵᠣ᠂ ᠠᠴᠢᠶᠠᠯᠠᠬᠤ ᠮᠠᠰᠢᠨ᠂ ᠤᠬᠤᠭᠤᠷ ᠮᠠᠰᠢᠨ ᠨᠠᠭᠠᠰᠢ ᠴᠠᠭᠠᠰᠢ ᠰᠦᠯᠵᠢᠯᠳᠦᠵᠦ᠂ ᠠᠵᠢᠯᠴᠢᠳ ᠪᠣᠯᠣᠳ ᠰᠢᠷᠪᠥᠰᠥ ᠶᠢ ᠤᠶᠠᠵᠤ᠂ ᠮᠠᠲ᠋ᠧᠷᠢᠶᠠᠯ ᠬᠦᠷᠭᠡᠵᠦ᠂ ᠪᠧᠲ᠋ᠣᠨ ᠢᠶᠠᠷ ᠴᠢᠳᠬᠤᠨ᠎ᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠶ᠋ᠯ ᠳᠤ ᠲᠡᠷᠢᠭᠦᠨ ᠤ ᠮᠡᠷᠭᠡᠵᠢᠯ ᠢ ᠬᠡᠷᠡᠭᠯᠡᠵᠦ᠂ ᠬᠠᠭᠤᠷᠠᠶ ᠪᠠᠷ ᠤᠨᠲᠠᠷᠠᠭᠠᠬᠤ ᠭᠠᠷ ᠤᠷᠠᠯᠠᠯ ᠢᠶᠠᠷ ᠳᠠᠮᠵᠢᠭᠤᠯᠤᠨ ᠬᠡᠤᠷᠰᠢᠭᠦᠯᠬᠦ ᠢᠯᠴᠢ ᠶᠢ ᠬᠤᠷᠢᠶᠠᠨ ᠠᠪᠴᠤ ᠴᠠᠬᠢᠯᠭᠠᠨ ᠭᠠᠷᠭᠠᠬᠤ ᠵᠢᠴᠢ ᠠᠭᠤᠷ ᠦᠢᠯᠡᠳᠪᠦᠷᠢᠯᠡᠬᠦ ᠳᠤ ᠬᠡᠷᠡᠭᠯᠡᠵᠦ᠂ ᠡᠨᠧᠷᠭᠢ ᠶᠢ ᠥᠨᠳᠥᠷ ᠪᠦᠲᠦᠮᠵᠢᠲᠡᠶ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠪᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠬᠦ ᠪᠣᠯᠤᠨ᠎ᠠ᠃      ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠠᠴᠠ ᠲᠥᠷᠥᠯ ᠵᠦᠢᠯ ᠤᠨ ᠲᠤᠬᠠᠶ ᠶᠢᠨ ᠲᠠᠯᠠᠪᠠᠶ ᠬᠦᠷᠲᠡᠯ᠎ᠡ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ 360 ᠲᠦᠮᠡᠨ ᠲᠣᠨ ᠬᠡᠤᠷᠰᠢᠭᠦᠯᠬᠦ ᠵᠢᠴᠢ ᠢᠵᠢ ᠪᠥᠷᠢᠳᠦᠭᠦᠯᠬᠦ ᠲᠥᠷᠥᠯ ᠵᠦᠢᠯ ᠨᠢᠭᠡᠨᠲᠡ ᠦᠢᠯᠡᠳᠪᠦᠷᠢᠯᠡᠯ ᠢᠶᠠᠨ ᠪᠥᠬᠦ ᠲᠠᠯ᠎ᠠ ᠪᠠᠷ ᠰᠡᠷᠭᠦᠭᠡᠵᠦ᠂ ᠠᠵᠢᠯᠴᠢᠳ ᠲᠣᠰ ᠲᠣᠰ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠢᠨ᠎ᠡ ᠵᠢᠯ ᠤᠨ ᠦᠢᠯᠡᠳᠪᠦᠷᠢᠯᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠬᠦᠴᠦᠯᠡᠨ ᠰᠢᠪᠲᠤᠯᠤᠯᠲᠠ ᠬᠢᠪᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ ᠲᠥᠯᠥᠪᠯᠡᠭᠰᠡᠨ ᠣᠨᠴᠠ ᠲᠣᠮᠣ ᠬᠡᠯᠪᠡᠷᠢ ᠶᠢᠨ ᠨᠦᠳᠦᠵᠦ ᠪᠣᠯᠪᠠᠰᠤᠷᠠᠭᠤᠯᠬᠤ ᠮᠡᠷᠭᠡᠵᠢᠯ ᠢ ᠬᠡᠷᠡᠭᠯᠡᠵᠦ᠂ ᠬᠡᠰᠡᠭ ᠬᠤᠪᠢᠶᠠᠨ ᠢᠯᠴᠢ ᠨᠡᠮᠡᠬᠦ ᠪᠠ ᠳᠣᠤᠷ᠎ᠠ ᠠᠽᠣᠲ ᠰᠢᠲᠠᠭᠠᠬᠤ ᠮᠡᠷᠭᠡᠵᠢᠯ ᠢ ᠠᠰᠢᠭᠯᠠᠨ᠂ ᠠᠽᠣᠲ ᠤᠨ ᠢᠰᠦᠮᠡᠭ ︵NOx︶ ᠭᠠᠳᠠᠭᠰᠢᠯᠠᠭᠤᠯᠬᠤ ᠶᠢ ᠪᠦᠲᠦᠮᠵᠢᠲᠡᠶ ᠪᠠᠭᠤᠷᠠᠭᠤᠯᠵᠤ᠂ ᠬᠡᠦᠷᠡᠰᠦᠨ ᠵᠤᠤᠬ᠎ᠠ ᠶᠢᠨ ᠲᠣᠨᠣᠭᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ ᠪᠣᠯᠤᠨ᠎ᠠ᠃ ᠲᠥᠷᠥᠯ ᠵᠦᠶ᠋ᠯ ᠪᠠᠶᠢᠭᠤᠯᠤᠭᠳᠠᠭᠰᠠᠨ ᠤ ᠳᠠᠷᠠᠭ᠎ᠠ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠶ᠋ᠯᠡᠳᠪᠦᠷᠢ ᠶᠢᠨ ︽ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠪᠣᠯᠭᠠᠬᠤ︾ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠦᠨ᠎ᠡ᠃      ᠠᠳᠠᠯᠢᠬᠠᠨ ᠶᠠᠭᠠᠷᠠᠯᠲᠠᠢ ᠦᠢᠯᠡᠳᠪᠦᠷᠢᠯᠡᠯ ᠤᠨ ᠠᠬᠤᠢ ᠪᠠᠶᠢᠳᠠᠯ ᠨᠢ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ PAN ᠵᠢᠢ ᠶᠤᠸᠠᠨ ᠰᠢᠷᠬᠡᠭ ᠪᠠ 10 ᠲᠦᠮᠡᠨ ᠲᠣᠨ PAN ᠰᠠᠭᠤᠷᠢ ᠳᠡᠭᠡᠳᠦ ᠲᠡᠰ ᠤᠨ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠢᠯᠡᠷᠡᠪᠡ᠃ ︽ᠮᠠᠨ ᠤ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠭᠤᠤᠯᠳᠠᠭᠤ ᠨᠡᠶᠢᠯᠡᠮᠡᠯ ᠰᠢᠷᠬᠡᠭ ᠢ ᠡᠭᠡᠭᠦᠯᠦᠨ ᠬᠤᠷᠢᠶᠠᠬᠤ ᠦᠢᠯᠡᠳᠪᠦᠷᠢᠯᠡᠯ ᠤᠨ ᠱᠤᠭᠤᠮ ᠢ 22 ᠵᠤᠷᠪᠤᠰ᠂ ᠨᠡᠭᠦᠷᠡᠰᠦᠲᠥ᠋ᠷᠥᠭᠴᠢ ᠶᠢᠨ ᠰᠢᠷᠬᠡᠭ ᠤᠨ ᠦᠢᠯᠡᠳᠪᠦᠷᠢᠯᠡᠯ ᠤᠨ ᠱᠤᠭᠤᠮ ᠢ 21 ᠵᠤᠷᠪᠤᠰ ᠲᠥᠯᠥᠪᠯᠡᠵᠦ᠂ ᠶᠡᠷᠦᠩᠬᠡᠶ ᠦᠢᠯᠡᠳᠪᠦᠷᠢᠯᠡᠬᠦ ᠴᠢᠳᠠᠪᠤᠷᠢ ᠶᠢᠨ ᠲᠦᠭᠦᠬᠡᠶ ᠰᠢᠷᠬᠡᠭ ᠢ 20 ᠲᠦᠮᠡᠨ ᠲᠣᠨ᠂ ᠨᠡᠭᠦᠷᠡᠰᠦᠲᠥ᠋ᠷᠥᠭᠴᠢ ᠶᠢᠨ ᠰᠢᠷᠬᠡᠭ ᠢ 10 ᠲᠦᠮᠡᠨ ᠲᠣᠨ ᠢᠶᠠᠷ ᠲᠥᠯᠥᠪᠵᠢᠭᠦᠯᠬᠦ ᠪᠠᠷ ᠲᠥᠯᠥᠪᠯᠡᠵᠦ ᠪᠣᠶ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 215 ᠳ᠋ᠦᠩᠰᠢᠭᠤᠷ ᠲᠥᠭᠦᠷᠢᠭ ᠬᠦᠷᠴᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 1800 ᠭᠠᠷᠤᠢ ᠰᠢᠨ᠎ᠡ ᠪᠠᠷ ᠨᠡᠮᠡᠭᠳᠡᠭᠦᠯᠬᠦ ᠪᠠᠷ ᠵᠢᠱᠢᠵᠦ ᠪᠣᠢ᠃ ᠥᠪᠥᠷ ᠮᠣᠩᠭᠤᠯ ᠤᠨ ᠬᠦ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠬᠡᠯᠲᠡᠰ ᠤᠨ ᠳᠠᠷᠤᠭ᠎ᠠ ᠯᠢᠦ ᠱᠢᠶᠠ ᠳᠦᠩ ᠬᠡᠯᠡᠬᠢ ᠳᠤ᠃      ᠡᠬᠢᠯᠡᠯᠲᠡ ᠶᠢᠨ ᠦᠶ᠎ᠡ ᠳᠤ ᠰᠢᠪᠲᠤᠯᠤᠯᠲᠠ ᠬᠢᠵᠦ᠂ ᠡᠬᠢᠯᠡᠯᠲᠡ ᠶᠢᠨ ᠦᠶ᠎ᠡ ᠳᠤ ᠰᠢᠢᠳᠪᠦᠷᠢᠲᠦ ᠳᠠᠶᠢᠯᠠᠯᠳᠤᠭᠠᠨ ᠬᠢᠨ᠎ᠡ᠃ 2025 ᠣᠨ ᠳᠤ᠂ ᠬᠠᠢᠨᠠᠨ ᠲᠣᠭᠤᠷᠢᠭ 43 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 243.26 ᠳ᠋ᠦᠩᠱᠢᠭᠤᠷ ᠲᠥᠭᠦᠷᠢᠭ ᠲᠤ ᠬᠦᠷᠴᠡᠢ᠃ ᠣᠲᠣ ᠪᠣᠯᠲᠠᠯ᠎ᠠ᠂ ᠭᠤᠤᠯᠳᠠᠯᠭ᠎ᠠ ᠲᠠᠢ ᠲᠥᠷᠥᠯ ᠵᠦᠶ᠋ᠯ ᠨᠢᠭᠡᠨᠲᠡ 23 ᠠᠵᠢᠯ ᠢᠶᠠᠨ ᠡᠬᠢᠯᠡᠭᠦᠯᠵᠦ᠂ ᠳᠦᠷᠢ ᠲᠥᠷᠬᠦ ᠶᠢᠨ ᠪᠠᠯᠠ ᠣᠷᠣᠭᠤᠯᠤᠯᠲᠠ ᠶᠢ 2.05 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠬᠠᠶᠢᠨᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ︽ᠲᠦᠭᠵᠢᠷᠡᠯ︾ ᠢ ᠠᠷᠢᠯᠭᠠᠵᠤ᠂ ᠠᠵᠤ ᠠᠬᠤᠶᠢᠯᠠᠯ ᠢ ᠬᠠᠪᠰᠤᠷᠤᠨ ︽ᠲᠤᠯᠭᠠᠭᠤᠷᠢᠯᠠᠯ︾ ᠢ ᠪᠠᠭᠠᠰᠬᠠᠵᠤ᠂ ᠠᠵᠤ ᠠᠬᠤᠶᠢᠯᠠᠯ ᠤᠨ ︽ᠳᠠᠷᠤᠭᠠᠰᠤ ᠶᠢ ᠬᠥᠩᠭᠡᠷᠡᠭᠦᠯᠬᠦ︾ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠦᠴᠦᠨ ᠵᠦᠢᠯ ᠤᠨ ᠪᠠᠲᠤᠯᠠᠭ᠎ᠠ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠡᠷᠴᠢ ᠵᠣᠷᠢᠭ ᠢᠶᠠᠨ ᠬᠥᠪᠴᠢᠯᠡᠨ ᠦᠢᠯᠡᠳᠪᠦᠷᠢᠯᠡᠵᠦ᠂ ᠵᠠᠬᠢᠶᠠᠯᠠᠭ᠎ᠠ ᠶᠢᠨ ᠬᠠᠭᠤᠳᠠᠰᠤ ᠪᠠᠨ ᠭᠦᠢᠴᠡᠤᠡᠭᠡᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ︽ᠰᠠᠶᠢᠨ ᠡᠬᠢᠯᠡᠯᠲᠡ︾ ᠶᠢ ᠲᠡᠮᠡᠴᠡᠨ ᠤᠯᠬᠤ ᠶᠢ ᠠᠬᠢᠭᠤᠯᠪᠠ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号