3 ᠰᠠᠷ᠎ᠠ ᠶᠢᠨ 12 ᠤᠨ ᠡᠳᠦᠷ᠂ ᠪᠠᠶᠠᠨᠲᠣᠬᠤᠶ ᠪᠠᠯᠭᠠᠰᠤ 2024 ᠣᠨ ᠤ ᠦᠨᠳᠦᠰᠦᠨ ᠱᠠᠲᠤᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠠ ᠡᠪᠯᠡᠯ ᠤᠨ | ᠭᠡᠰᠢᠭᠦᠨ ᠤ ᠰᠤᠷᠭᠠᠨ ᠬᠥᠮᠦᠵᠢᠯ ᠤᠨ ᠦᠨᠡᠯᠡᠯᠲᠡ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠡᠪᠯᠡᠯ ᠤᠨ | ᠬᠤᠷᠢᠶᠠᠨ ᠤ ᠳᠡᠳ᠋ ᠱᠦᠵᠢ ᠪᠠᠶ ᠢᠦᠶ ᠬᠤᠷᠠᠯ ᠡᠷᠭᠢᠯᠡᠨ ᠬᠤᠷᠠᠯᠳᠤᠭᠤᠯᠵᠤ᠂ ᠪᠠᠯᠭᠠᠰᠤᠨ ᠤ ᠪᠠᠶᠢᠭᠤᠯᠭ᠎ᠠ ᠶᠢᠨ | ᠡᠪᠯᠡᠯ ᠤᠨ ᠭᠡᠰᠢᠭᠦᠨ ᠵᠠᠯᠠᠭᠤᠴᠤᠳ ᠬᠤᠷᠠᠯ ᠳᠤ ᠣᠷᠣᠯᠴᠠᠵᠤ᠂ ᠬᠠᠶᠢᠨᠠᠨ ᠲᠣᠭᠤᠷᠢᠭ ᠤᠨ ᠡᠪᠯᠡᠯ ᠤᠨ ᠬᠤᠷᠢᠶᠠᠨ ᠤ | ᠴᠢᠨ ᠬᠤᠸᠠᠢ ᠢᠦᠶ᠂ ᠭᠦᠸᠧ ᠶᠢᠨ ᠨᠥᠬᠦᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ ᠦᠨᠡᠯᠡᠯᠲᠡ ᠬᠢᠪᠠ᠃ | ᠬᠤᠷᠠᠯ ᠳᠡᠭᠡᠷ᠎ᠡ᠂ ᠡᠪᠯᠡᠯ ᠤᠨ ᠬᠤᠷᠢᠶᠠᠨ ᠤ ᠳᠡᠳ᠋ ᠱᠦᠵᠢ ᠪᠠᠢ ᠢᠦᠢ ᠤᠯᠠᠨ ᠢ ᠳᠠᠭᠠᠭᠤᠯᠤᠨ ︽ᠳᠤᠮᠳᠠᠳᠤ | ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ︵ᠲᠤᠷᠰᠢᠨ ᠬᠡᠷᠡᠭᠵᠢᠭᠦᠯᠬᠦ︶︾ ᠢ | ᠰᠤᠷᠤᠯᠴᠠᠵᠤ᠂ ᠡᠪᠯᠡᠯ ᠤᠨ ᠲᠦᠷᠢᠮ ᠪᠣᠯ ᠡᠪᠯᠡᠯ ᠢ ᠬᠠᠮᠢᠶᠠᠷᠴᠤ ᠡᠪᠯᠡᠯ ᠢ ᠵᠠᠰᠠᠬᠤ ᠶᠡᠷᠦᠩᠬᠡᠢ ᠶᠣᠰᠣ ᠲᠦᠷᠢᠮ ᠮᠥᠨ | ᠭᠡᠳᠡᠭ ᠢ ᠲᠣᠳᠣᠷᠬᠠᠶᠢᠯᠠᠵᠤ᠂ ᠡᠪᠯᠡᠯ ᠤᠨ ᠰᠠᠬᠢᠯᠭ᠎ᠠ ᠪᠠᠲᠤ ᠪᠣᠯ ᠡᠪᠯᠡᠯ ᠤᠨ ᠡᠯ᠎ᠡ ᠱᠠᠲᠤᠨ ᠤ ᠵᠣᠬᠢᠶᠠᠨ | ᠪᠠᠶᠢᠭᠤᠯᠤᠯᠲᠠ ᠪᠣᠯᠤᠨ ᠡᠪᠯᠡᠯ ᠤᠨ ᠪᠦᠬᠦ ᠭᠡᠰᠢᠭᠦᠳ ᠤᠨ ᠡᠷᠬᠡᠪᠰᠢ ᠵᠢᠷᠤᠮᠯᠠᠬᠤ ᠠᠵᠢᠯᠯᠠᠭ᠎ᠠ ᠶᠢᠨ ᠲᠦᠷᠢᠮ ᠮᠥᠨ᠂ | ᠡᠪᠯᠡᠯ ᠤᠨ ᠤᠳᠤᠷᠢᠳᠤᠯᠭ᠎ᠠ ᠳᠣᠣᠷᠠᠬᠢ ᠪᠦᠯᠬᠦᠮᠳᠡᠯ ᠨᠢᠭᠡᠳᠦᠯ ᠢ ᠬᠠᠮᠠᠭᠠᠯᠠᠬᠤ᠂ ᠨᠠᠮ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠶᠢ ᠪᠡᠶᠡᠯᠡᠭᠦᠯᠬᠦ ᠶᠢᠨ ᠪᠠᠲᠤᠯᠠᠭ᠎ᠠ ᠮᠥᠨ ᠭᠡᠳᠡᠭ ᠢ ᠲᠣᠳᠣᠷᠬᠠᠶᠢᠯᠠᠪᠠ᠃ ᠡᠷᠬᠡᠪᠰᠢ ᠡᠪᠯᠡᠯ ᠢ ᠴᠢᠩᠭ᠎ᠠ | ᠬᠠᠮᠢᠶᠠᠷᠴᠤ ᠡᠪᠯᠡᠯ ᠢ ᠵᠠᠰᠠᠬᠤ ᠶᠢ ᠪᠠᠷᠢᠮᠲᠠᠯᠠᠵᠤ᠂ ᠡᠪᠯᠡᠯ ᠤᠨ ᠭᠡᠰᠢᠭᠦᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ | ᠬᠡᠷᠡᠭᠲᠡᠢ᠃ | ᠬᠤᠷᠠᠯ ᠠᠴᠠ ᠪᠠᠶᠠᠨᠲᠣᠬᠤᠶ ᠪᠠᠯᠭᠠᠰᠤᠨ ᠤ ᠪᠠᠶᠢᠭᠤᠯᠤᠯᠭ᠎ᠠ ᠶᠢᠨ ᠡᠪᠯᠡᠯ ᠤᠨ ᠡᠭᠦᠷ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠳᠡᠭᠡᠷ᠎ᠡ ᠵᠢᠯ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ | ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠤᠭᠰᠠᠨ ᠪᠥᠭᠡᠳ | ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠪᠠ᠃ ᠡᠪᠯᠡᠯ ᠤᠨ ᠡᠭᠦᠷ ᠤᠨ ᠱᠦᠵᠢ᠂ ᠳᠡᠳ᠋ | ᠱᠦᠵᠢ ᠵᠢᠴᠢ ᠡᠯ᠎ᠡ ᠭᠡᠰᠢᠭᠦᠳ ᠲᠠᠰ ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠲᠣᠰ | ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠤᠯᠲᠠ ᠲᠥᠷᠥᠭᠳᠡᠯ ᠢᠶᠠᠨ ᠦᠨᠡᠨᠴᠢ ᠪᠠᠷ | ᠰᠣᠯᠢᠯᠴᠠᠵᠤ᠂ ᠲᠣᠰ ᠪᠡᠶ᠎ᠡ ᠶᠢᠨ ᠠᠰᠠᠭᠤᠳᠠᠯ ᠢᠶᠠᠨ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠳᠤᠷᠠᠳᠤᠨ ᠭᠠᠷᠭᠠᠪᠠ᠃ ᠪᠦᠬᠦ ᠡᠪᠯᠡᠯ ᠤᠨ ᠭᠡᠰᠢᠭᠦᠨ ᠦᠨᠡᠨ ᠠᠴᠠ ᠵᠥᠪ ᠢ | ᠡᠷᠢᠬᠦ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠵᠠᠷᠴᠢᠮ ᠢᠶᠠᠷ ᠬᠠᠷᠢᠯᠴᠠᠨ ᠦᠨᠡᠯᠡᠬᠦ ᠶᠢ ᠥᠷᠨᠢᠭᠦᠯᠵᠦ᠂ | ᠠᠮᠵᠢᠯᠲᠠ ᠪᠠᠨ ᠨᠤᠲᠠᠯᠠᠭᠰᠠᠨ ᠮᠥᠷᠲᠡᠭᠡᠨ ᠪᠠᠰᠠ ᠳᠤᠲᠠᠭᠤᠳᠠᠯ ᠢᠶᠠᠨ ᠰᠢᠭᠤᠳ ᠵᠢᠭᠠᠵᠤ᠂ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠲᠥᠪ ᠴᠢᠩᠭ᠎ᠠ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠴᠢᠨ ᠬᠤᠸᠠᠢ ᠢᠦᠢ | ᠬᠠᠶᠢᠨᠠᠨ ᠲᠣᠭᠤᠷᠢᠭ ᠤᠨ ᠡᠪᠯᠡᠯ ᠤᠨ ᠬᠤᠷᠢᠶ᠎ᠠ ᠶᠢ ᠲᠥᠯᠥᠭᠡᠯᠡᠨ ᠦᠨᠡᠯᠡᠯᠲᠡ ᠬᠢᠵᠦ᠂ ᠡᠪᠯᠡᠯ ᠤᠨ ᠭᠡᠰᠢᠭᠦᠨ | ᠵᠠᠯᠠᠭᠤᠴᠤᠳ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠦᠨ᠎ᠡ ᠹᠷᠣᠨᠲ ᠲᠤ | ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠵᠠᠯᠠᠭᠤᠴᠤᠳ ᠤᠨ ᠣᠷᠣᠢ ᠶᠢᠨ ᠰᠤᠷᠭᠠᠭᠤᠯᠢ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯᠯᠠᠭ᠎ᠠ ᠶᠢᠨ | ᠸᠢᠳᠢᠣ᠋ ᠶᠢ ᠰᠡᠭᠦᠳᠡᠷᠯᠡᠬᠦ᠂ ᠵᠣᠬᠢᠶᠠᠨ ᠪᠠᠶᠢᠭᠤᠯᠬᠤ ᠠᠵᠢᠯᠯᠠᠭ᠎ᠠ ᠵᠡᠷᠭᠡ ᠲᠠᠯ᠎ᠠ ᠪᠠᠷ ᠵᠠᠯᠠᠭᠤ ᠨᠠᠰᠤᠨ ᠤ ᠴᠤᠭ | ᠵᠢᠪᠬᠤᠭ᠎ᠠ ᠪᠠᠨ ᠢᠯᠡᠷᠡᠭᠦᠯᠦᠭᠡᠷᠡᠢ ᠭᠡᠵᠦ ᠵᠣᠷᠢᠭᠵᠢᠭᠤᠯᠪᠠ᠃ ᠬᠤᠷᠠᠯ ᠳᠡᠭᠡᠷ᠎ᠡ ᠪᠦᠬᠦ ᠡᠪᠯᠡᠯ ᠤᠨ ᠭᠡᠰᠢᠭᠦᠳ | ︽ᠡᠪᠯᠡᠯ ᠤᠨ ᠭᠡᠰᠢᠭᠦᠨ ᠤ ᠠᠷᠠᠳᠴᠢᠯᠠᠯ ᠢᠶᠠᠷ ᠦᠨᠡᠯᠡᠵᠦ ᠦᠨᠡᠯᠡᠬᠦ ᠬᠦᠰᠦᠨᠦᠭᠲᠦ︾ ᠶᠢ ᠲᠠᠭᠯᠠᠪᠠ᠃ | ᠬᠤᠷᠠᠯ ᠤᠨ ᠡᠴᠦᠰ ᠲᠤ᠂ ᠪᠦᠬᠦ ᠡᠪᠯᠡᠯ ᠤᠨ ᠭᠡᠰᠢᠭᠦᠨ ᠪᠠᠢ ᠢᠦᠢ ᠨᠥᠬᠦᠷ ᠤᠨ ᠳᠠᠭᠠᠭᠤᠯᠭ᠎ᠠ ᠳᠣᠣᠷ᠎ᠠ᠂ | ᠡᠪᠯᠡᠯ ᠤᠨ ᠲᠤᠭ ᠵᠦᠭ ᠲᠥᠪ ᠴᠢᠩᠭ᠎ᠠ ᠪᠠᠷ ᠲᠠᠩᠭᠠᠷᠢᠭᠯᠠᠵᠤ᠂ ᠡᠪᠯᠡᠯ ᠤᠨ ᠭᠡᠰᠢᠭᠦᠨ ᠵᠠᠯᠠᠭᠤᠴᠤᠳ ᠤᠨ ᠡᠷᠡᠰ | ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ | ᠡᠷᠡᠰ ᠵᠣᠷᠢᠭ ᠢ ᠢᠯᠡᠷᠡᠭᠦᠯᠪᠡ᠃ |