ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/3/13
      ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ ᠬᠤᠯᠪᠣᠭᠳᠠᠯ ᠪᠥᠬᠦᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠥᠬᠦ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠪᠦᠬᠦ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠴᠢᠳᠠᠪᠤᠷᠢᠲᠠᠨ ᠨᠥᠭᠡᠴᠡᠯᠡᠬᠦ ᠳᠦᠷᠢᠮ ᠢ ᠲᠡᠭᠦᠯᠳᠡᠷᠵᠢᠭᠦᠯᠦᠨ᠎ᠡ ᠪᠦᠬᠦ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠢᠷᠤᠮᠵᠢᠭᠰᠠᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ ᠶᠢ ᠠᠬᠢᠭᠤᠯᠵᠤ᠂ ᠪᠦᠲᠦᠮᠵᠢᠲᠡᠶ ᠲᠣᠬᠢᠷᠠᠭᠤᠯᠤᠨ᠎ᠠ᠃      ︵ᠭᠤᠷᠪᠠ︶ ᠪᠦᠬᠦ ᠲᠣᠭᠤᠷᠢᠭ ᠤᠨ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃      ︵ᠲᠦᠷᠪᠡ︶ ᠪᠦᠬᠦ ᠲᠣᠭᠤᠷᠢᠭ ᠤᠨ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠲᠠᠪᠤ︶ ᠪᠦᠬᠦ ᠲᠣᠭᠤᠷᠢᠭ ᠤᠨ ᠠᠵᠢᠯ ᠣᠯᠭᠤᠯᠲᠠ᠂ ᠠᠵᠢᠯ ᠠᠯᠳᠠᠯᠲᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃      ︵ᠵᠢᠷᠭᠤᠭ᠎ᠠ︶ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ ᠲᠥᠷᠥ ᠶᠢᠨ ᠪᠣᠳᠣᠯᠭ᠎ᠠ᠂ ᠠᠰᠠᠷᠠᠮᠵᠢ ᠶᠢᠨ ᠣᠯᠭᠤᠮᠵᠢ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃      ︵ᠳᠤᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠰᠠᠨᠠᠯ ᠢ ᠲᠤᠭᠤᠷᠪᠢᠨ ᠲᠣᠭᠲᠠᠭᠠᠵᠤ᠂ ᠴᠢᠳᠠᠪᠤᠷᠢᠲᠠᠨ ᠤ ᠬᠠᠮᠢᠶᠠᠷᠤᠯᠲᠠ ᠶᠢᠨ ᠠᠵᠢᠯ ᠳᠤ ᠣᠷᠣᠯᠴᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠷᠦᠭᠦᠯᠡᠨ ᠠᠬᠢᠭᠤᠯᠵᠤ᠂ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠦᠵᠢᠭᠦᠯᠬᠦ ᠠᠵᠢᠯ ᠢ ᠬᠠᠷᠢᠭᠤᠴᠠᠨ᠎ᠠ᠃      ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠡᠷᠢᠭ ᠠᠩᠭᠢ ᠶᠢᠨ ᠠᠵᠢᠯ ᠰᠢᠯᠵᠢᠭᠰᠡᠨ ᠺᠠᠳ᠋ᠷ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠪᠠ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ︔ ᠴᠡᠷᠢᠭ ᠠᠩᠭᠢ ᠶᠢᠨ ᠠᠵᠢᠯ ᠰᠢᠯᠵᠢᠭᠰᠡᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ︔ ᠬᠡᠰᠡᠭ ᠠᠵᠤ ᠠᠬᠤᠶᠢᠯᠠᠯ ᠤᠨ ᠴᠡᠷᠢᠭ ᠠᠩᠭᠢ ᠶᠢᠨ ᠠᠵᠢᠯ ᠰᠢᠯᠵᠢᠭᠰᠡᠨ ᠺᠠᠳ᠋ᠷ ᠤᠨ ᠬᠦᠴᠢᠷᠳᠡᠯ ᠢ ᠰᠢᠶ᠋ᠳᠪᠦᠷᠢᠯᠡᠬᠦ ᠪᠠ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠡᠵᠡᠨ ᠮᠡᠳᠡᠵᠦ ᠠᠵᠢᠯ ᠰᠣᠩᠭᠤᠭᠰᠠᠨ ᠴᠡᠷᠢᠭ ᠠᠩᠭᠢ ᠶᠢᠨ ᠠᠵᠢᠯ ᠰᠢᠯᠵᠢᠭᠰᠡᠨ ᠺᠠᠳ᠋ᠷ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃      ︵ᠶᠢᠰᠦ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ︵ᠳᠣᠷᠣᠭᠰᠢ ︽ᠠᠯᠪᠠᠲᠠᠨ ᠤ ᠬᠠᠤᠯᠢ︾ ᠭᠡᠵᠦ ᠲᠣᠪᠴᠢᠯᠠᠨ᠎ᠠ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃︶ ᠣᠯᠥᠰ ᠪᠠ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠲᠣᠠᠠᠳᠠᠭᠠᠯ ᠳᠤ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠡᠡ ᠤ ᠶᠡᠷᠦᠩᠭᠡᠢᠯᠡᠭᠰᠡᠨ ᠬᠠᠮᠢᠶᠡᠷᠦᠯᠳᠡ ᠶᠢ ᠬᠠᠷᠢᠭᠤᠴᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠳᠡᠨ ᠢ ᠵᠤᠬᠢᠶᠡᠨ ᠪᠠᠢᠭᠤᠯᠥᠨ ᠨᠡᠢᠳᠡᠪᠦᠷᠢᠵᠢᠭᠤᠯᠵᠦ ︽ᠠᠯᠪᠠᠳᠡᠡ ᠤ ᠬᠠᠦᠯᠢ︾ ᠶᠢᠨ ᠬᠠᠮᠢᠶᠡᠷᠦᠯᠳᠡ ᠶᠢᠨ ᠠᠷᠭ᠎ᠠ ᠶᠢ ᠯᠠᠪᠯᠡᠯᠳᠡ ᠪᠤᠯᠭᠠᠵᠦ᠂ ᠣᠯᠥᠰ᠂ ᠦᠪᠡᠷᠳᠡᠭᠡᠨ ᠵᠠᠰᠠᠬᠤ ᠣᠷᠣᠨ ᠤ ᠠᠯᠪᠠᠳᠡᠡ ᠤ ᠦᠢᠯᠡ ᠠᠵᠢᠯᠯᠠᠭ᠎ᠠ ᠶᠢᠨ ᠵᠢᠷᠦᠮᠵᠢᠯ᠂ ᠠᠵᠢᠯ ᠮᠡᠷᠭᠡᠵᠢᠯ ᠤᠨ ᠶᠣᠰᠣ ᠮᠤᠷᠡᠯ ᠤᠨ ᠪᠠᠢᠭᠤᠯᠥᠯᠳᠡ᠂ ᠴᠢᠳᠡᠪᠦᠷᠢ ᠶᠢᠨ ᠪᠠᠢᠭᠤᠯᠥᠯᠳᠡ ᠶᠢᠨ ᠳᠥᠷᠥ ᠶᠢᠨ ᠪᠤᠳᠣᠯᠭ᠎ᠠ ᠪᠠ ᠠᠯᠪᠠᠳᠡᠡ ᠤ ᠲᠣᠰᠢᠶᠡᠯ ᠤᠨ ᠳᠥᠷᠦᠯ ᠬᠤᠪᠢᠶᠡᠨ ᠪᠡᠷᠢᠮᠵᠢᠶ᠎ᠠ ᠵᠢᠴᠢ ᠬᠠᠮᠢᠶᠡᠷᠦᠯᠳᠡ ᠶᠢᠨ ᠠᠷᠭ᠎ᠠ ᠶᠢ ᠲᠣᠣᠱᠯᠠᠭᠤᠯᠥᠨ ᠨᠡᠢᠳᠡᠪᠦᠷᠢᠵᠢᠭᠤᠯᠵᠦ᠂ ᠠᠯᠪᠠᠳᠡᠡ ᠤ ᠮᠡᠳᠡᠭᠡ ᠵᠠᠩᠬᠢ ᠶᠢᠨ ᠲᠤᠭ᠎ᠠ ᠪᠦᠷᠢᠳᠭᠡᠯ ᠤᠨ ᠬᠠᠮᠢᠶᠡᠷᠦᠯᠳᠡ ᠶᠢᠨ ᠠᠵᠢᠯ ᠢ ᠬᠠᠦᠯᠢ ᠶᠣᠰᠣᠭᠠᠷ ᠬᠢᠨ᠎ᠠ︔ ᠬᠤᠯᠪᠤᠠᠠᠳᠡᠯ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠣᠯᠥᠰ᠂ ᠦᠪᠡᠷᠳᠡᠭᠡᠨ ᠵᠠᠰᠠᠬᠤ ᠣᠷᠣᠨ ᠤ ᠠᠯᠪᠠᠳᠡᠡ ᠤ ᠰᠢᠯᠭᠠᠵᠤ ᠡᠯᠰᠡᠨ ᠭᠡᠷᠡᠭᠯᠡᠬᠦ ᠳᠥᠷᠢᠮ ᠢ ᠲᠣᠣᠱᠯᠠᠭᠤᠯᠥᠨ ᠨᠡᠢᠳᠡᠪᠦᠷᠢᠵᠢᠭᠤᠯᠵᠦ᠂ ᠪᠦᠬᠦ ᠣᠷᠣᠨ ᠤ ᠣᠨ ᠤ ᠠᠯᠪᠠᠳᠡᠡ ᠤ ᠰᠢᠯᠭᠠᠨ ᠡᠯᠰᠡᠬᠦ ᠳᠥᠯᠥᠪᠯᠡᠭᠡ ᠶᠢ ᠲᠣᠣᠱᠯᠠᠭᠤᠯᠥᠨ ᠨᠡᠢᠳᠡᠪᠦᠷᠢᠵᠢᠭᠤᠯᠵᠦ᠂ ᠪᠦᠬᠦ ᠲᠣᠭᠤᠷᠢᠭ ᠤᠨ ︽ᠠᠯᠪᠠᠳᠡᠡ ᠤ ᠬᠠᠦᠯᠢ︾ ᠪᠠᠷ ᠯᠠᠪᠯᠠᠯᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠢ ᠰᠢᠯᠭᠠᠨ ᠬᠢᠨᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠮᠢᠶᠠᠷᠤᠯᠲᠠ ᠶᠢᠨ ᠡᠷᠬᠡ ᠮᠡᠳᠡᠯ ᠢᠶᠠᠨ ᠦᠨᠳᠦᠰᠦᠯᠡᠨ᠂ ᠠᠯᠪᠠᠲᠠᠨ ᠤ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠯᠥᠪᠯᠡᠭᠡ ᠪᠠ ᠪᠠᠷᠢᠮᠵᠢᠶ᠎ᠠ ᠶᠢ ᠲᠣᠭᠲᠠᠭᠠᠵᠤ᠂ ᠪᠦᠬᠦ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠯᠪᠠᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠯᠪᠠᠲᠠᠨ ᠢ ᠪᠣᠯᠪᠠᠰᠤᠷᠠᠭᠤᠯᠬᠤ ᠠᠵᠢᠯ ᠢ ᠵᠢᠯᠣᠭᠤᠳᠤᠨ᠂ ᠠᠯᠪᠠᠲᠠᠨ ᠤ ᠭᠤᠮᠣᠳᠠᠯ ᠲᠣᠭᠠᠴᠢᠵᠤ ᠵᠠᠭᠠᠯᠳᠤᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠪᠠᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃      ᠬᠤᠯᠪᠣᠭᠳᠠᠯ ᠪᠦᠬᠦᠢ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠪᠣᠯᠤᠨ ᠣᠨᠴᠠᠭᠠᠢ ᠬᠥᠮᠦᠰ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠢᠷᠠᠭᠤ ᠠᠯᠳᠠᠷ ᠤᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠱᠠᠩᠨᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠣᠭᠤᠷᠢᠭ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠠᠷᠪᠠᠨ ᠨᠢᠭᠡ︶ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ︔ ᠬᠡᠦᠬᠡᠳ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠲᠥᠷᠥ ᠶᠢᠨ ᠪᠣᠳᠣᠯᠭ᠎ᠠ ᠪᠠ ᠡᠮᠡᠭᠲᠡᠢ ᠠᠵᠢᠯᠴᠢᠨ᠂ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠣᠨᠴᠠᠭᠠᠢ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ ᠤᠯᠤᠰ ︵ᠬᠢᠯᠢ︶ ᠤᠨ ᠭᠠᠳᠠᠨᠠᠬᠢ ᠴᠢᠳᠠᠪᠤᠷᠢᠲᠠᠨ ᠪᠠ ᠣᠶᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠲᠠᠲᠠᠵᠤ ᠠᠪᠴᠢᠷᠠᠬᠤ ᠣᠷᠣᠨ ᠳᠤ ᠠᠵᠢᠯᠯᠠᠭᠤᠯᠬᠤ ᠪᠤᠶᠤ ᠰᠠᠭᠤᠷᠢᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ︶ ᠭᠠᠳᠠᠭᠠᠳᠤ ᠶᠢᠨ ᠴᠢᠳᠠᠪᠤᠷᠢᠲᠠᠨ ᠪᠠ ᠣᠶᠤᠨ ᠤ ᠠᠵᠢᠯ︔ ᠬᠠᠶᠢᠨᠠᠨ ᠲᠣᠭᠤᠷᠢᠭ ᠲᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠶ ᠮᠡᠷᠭᠡᠵᠢᠯᠲᠡᠨ︔ ᠬᠤᠯᠪᠣᠭᠳᠠᠯ ᠪᠦᠬᠦᠢ ᠣᠯᠠᠨ ᠤᠯᠤᠰ ᠤᠨ ᠰᠣᠯᠢᠯᠴᠠᠭ᠎ᠠ ᠬᠢᠭᠡᠳ ᠬᠠᠮᠲᠤᠷᠠᠯᠴᠠᠭᠠᠨ ᠤ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠳᠤᠳᠤᠭᠠᠳᠤ ᠶᠢᠨ ᠪᠠᠶᠢᠭᠤᠯᠤᠮᠵᠢ      ︵ᠨᠢᠭᠡ︶ ᠠᠯᠪᠠᠨ ᠭᠡᠷ ᠵᠢᠴᠢ ᠡᠳ᠋ ᠤᠨ ᠶᠠᠪᠤᠳᠠᠯ ᠤᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ 1. ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ᠂ ᠳᠠᠮᠵᠢᠭᠤᠯᠤᠨ ᠦᠵᠡᠬᠦ᠂ ᠲᠤᠭᠤᠷᠪᠢᠬᠤ᠂ ᠬᠤᠷᠠᠯ ᠤᠨ ᠮᠡᠳᠡᠭᠳᠡᠯ᠂ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ᠂ ᠰᠦᠯᠵᠢᠶᠡᠨ ᠤ ᠨᠢᠭᠤᠷ ᠤᠨ ᠬᠠᠮᠢᠶᠠᠷᠤᠯᠲᠠ᠂ 2. ᠣᠶᠤᠨ ᠤ ᠪᠣᠯᠪᠠᠰᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ︔ 3. ᠡᠳ᠋ ᠤᠨ ᠶᠠᠪᠤᠳᠠᠯ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠪᠤᠷᠢ︔ 4᠂ ᠴᠣᠩᠬᠤᠨ ᠤ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ︔ 5᠂ ᠮᠡᠳᠡᠭᠡ ᠵᠠᠩᠭᠢ ᠶᠢᠨ ᠰᠢᠮᠳᠠᠭᠤᠯᠤᠨ ᠪᠠᠶᠢᠴᠠᠭᠠᠯᠲᠠ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 303 ᠲᠠᠰᠤᠭ      ᠠᠯᠪᠠᠯᠠᠬᠤ ᠤᠲᠠᠰᠤ᠄ 0473-4021250      ︵ᠬᠤᠶᠠᠷ︶ ᠲᠤᠰᠬᠠᠢ ᠮᠡᠷᠭᠡᠵᠢᠯ ᠤᠨ ᠬᠤᠪᠢ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ 1. ᠴᠢᠳᠠᠪᠤᠷᠢᠲᠠᠨ ᠤ ᠬᠠᠮᠢᠶ᠎ᠠ ᠪᠥᠬᠦᠶ ᠠᠵᠢᠯ︔ 2. ᠲᠤᠰᠬᠠᠶ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ᠂ ᠰᠢᠯᠭᠠᠷᠠᠭᠤᠯᠬᠤ ᠠᠵᠢᠯ︔ 3. ᠬᠢᠯᠢ ᠪᠠᠷ ᠣᠷᠣᠵᠤ ᠭᠠᠷᠬᠤ ᠶᠢ ᠪᠦᠷᠢᠳᠬᠡᠨ ᠳᠠᠩᠰᠠᠯᠠᠬᠤ ᠬᠠᠮᠢᠶᠠᠷᠤᠯᠲᠠ︔ 4᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠬᠢᠨᠠᠨ ᠬᠠᠷᠭᠤᠭᠤᠯᠤᠨ᠎ᠠ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 305 ᠲᠠᠰᠤᠭ      ᠠᠯᠪᠠᠯᠠᠬᠤ ᠤᠲᠠᠰᠤ᠄ 0473-4022503      ︵ᠭᠤᠷᠪᠠ︶ ᠠᠵᠢᠯᠲᠠᠨ ᠤ ᠰᠲ᠋ᠣᠺ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ 1᠂ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠵᠢᠴᠢ ᠤᠷᠢᠵᠤ ᠬᠡᠷᠡᠭᠯᠡᠬᠦ᠂ 2. ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ᠂ 3. ᠠᠵᠢᠯ ᠦᠢᠯᠡᠰ ᠤᠨ ᠨᠢᠭᠡᠴᠢ ᠶᠢᠨ ᠣᠨ ᠤ ᠬᠢᠨᠠᠨ ᠰᠢᠯᠭᠠᠯᠲᠠ᠂ 4. ᠡᠯ᠎ᠡ ᠵᠦᠢᠯ ᠤᠨ ᠴᠠᠯᠢᠩ ᠨᠥᠬᠦᠪᠥᠷᠢ ᠶᠢᠨ ᠬᠢᠨᠠᠨ ᠵᠥᠪᠰᠢᠶᠡᠷᠡᠯ︔ 5᠂ ᠠᠵᠢᠯ ᠦᠢᠯᠡᠰ ᠤᠨ ᠨᠢᠭᠡᠴᠢ ᠶᠢᠨ ᠤᠷᠢᠬᠤ᠂ ᠠᠵᠢᠯᠲᠠᠨ ᠤ ᠬᠠᠮᠢᠶᠠᠷᠤᠯᠲᠠ      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 306 ᠲᠠᠰᠤᠭ      ᠠᠯᠪᠠᠯᠠᠬᠤ ᠤᠲᠠᠰᠤ᠄ 0473-4022551      ︵ᠲᠦᠷᠪᠡ︶ ᠨᠠᠰᠤᠵᠢᠯ ᠤᠨ ᠳᠠᠭᠠᠳᠭᠠᠯ ᠤᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠣᠨᠴᠠᠭᠠᠶ ᠠᠵᠢᠯ ᠤᠨ ᠲᠥᠷᠥᠯ ᠤᠨ ᠠᠵᠢᠯ ᠠᠴᠠ ᠪᠠᠨ ᠪᠠᠭᠤᠵᠤ ᠠᠮᠠᠷᠠᠬᠤ ᠵᠢᠴᠢ ᠡᠪᠡᠳᠴᠢᠨ ᠤ ᠠᠵᠢᠯ ᠠᠴᠠ ᠪᠠᠨ ᠪᠠᠭᠤᠬᠤ ᠪᠠᠷ ᠮᠡᠳᠡᠭᠦᠯᠬᠦ᠂ ᠬᠢᠨᠠᠨ ᠵᠥᠪᠰᠢᠶᠡᠷᠡᠬᠦ᠂ ᠨᠡᠶᠢᠭᠡᠮ ᠤᠨ ᠪᠤᠰᠤᠳ ᠳᠠᠭᠠᠳᠬᠠᠯ ᠤᠨ ᠠᠵᠢᠯ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 308 ᠳ᠋ᠤᠭᠠᠷ ᠭᠡᠷ      ᠠᠯᠪᠠᠯᠠᠬᠤ ᠤᠲᠠᠰᠤ᠄ 0473-4022239      ︵ᠵᠢᠷᠭᠤᠭ᠎ᠠ︶ ᠳᠣᠲᠣᠭᠠᠳᠤ ᠰᠢᠭᠦᠯᠲᠡ ᠶᠢᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠨ᠎ᠠ᠃ ᠬᠢᠨᠠᠨ ᠪᠣᠳᠣᠵᠤ ᠬᠢᠨᠠᠯᠲᠠ ᠲᠠᠯᠪᠢᠬᠤ ᠡᠯ᠎ᠡ ᠲᠠᠰᠤᠭ ᠤᠨ ᠠᠵᠢᠯ ᠤᠨ ᠪᠠᠶᠢᠳᠠᠯ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 306 ᠲᠠᠰᠤᠭ      ᠠᠯᠪᠠᠯᠠᠬᠤ ᠤᠲᠠᠰᠤ᠄ 0473-4022239      ︵ᠳᠤᠯᠤᠭ᠎ᠠ︶ ᠳ᠋ᠠᠩ ᠵᠢᠶᠠᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 306 ᠲᠠᠰᠤᠭ      ᠠᠯᠪᠠᠯᠠᠬᠤ ᠤᠲᠠᠰᠤ᠄ 0473-4022551      ︵ᠨᠠᠢᠮᠠ︶ ᠵᠠᠰᠠᠭ ᠤᠨ ᠤᠷᠳᠤᠨ ᠤ ᠰᠢᠰᠲ᠋ᠧᠮ ᠤᠨ ᠺᠠᠳ᠋ᠷ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠤᠨ ᠭᠡᠷ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 307 ᠲᠠᠰᠤᠭ      ᠠᠯᠪᠠᠯᠠᠬᠤ ᠤᠲᠠᠰᠤ᠄ 0473-4022255      ︵ᠶᠢᠰᠦ︶ ᠠᠵᠢᠯ ᠣᠯᠭᠤᠯᠲᠠ ᠶᠢ ᠠᠬᠢᠭᠤᠯᠬᠤ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠠᠰᠤᠭ      ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠄ 1.ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠠᠷᠢᠭᠤ ᠥᠭᠬᠦ ᠠᠵᠢᠯ ᠢ ᠬᠠᠷᠢᠭᠤᠴᠠᠨ᠎ᠠ︔ 2. ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠲᠠᠪᠴᠠᠩ ᠤᠨ ᠳᠣᠲᠣᠷᠠᠬᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠯᠢᠶᠡᠨ ᠠᠪᠬᠤ ᠪᠠ ᠬᠠᠷᠢᠭᠤ ᠥᠭᠬᠦ︔ 3᠂ ᠰᠢᠨ᠎ᠡ ᠬᠡᠯᠪᠡᠷᠢ ᠶᠢᠨ ᠱᠠᠪᠢ ᠠᠵᠢᠯᠴᠢᠨ ᠤ ᠲᠦᠷᠢᠮ︔ 4᠂ ᠠᠵᠢᠯᠴᠢᠨ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠨᠥᠬᠦᠪᠥᠷᠢ︔ 5᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠮᠢᠶᠠᠷᠤᠯᠲᠠ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯᠲᠠᠨ ᠵᠢᠴᠢ ᠰᠦᠯᠵᠢᠶᠡᠨ ᠤ ᠠᠵᠢᠯᠲᠠᠨ ᠤ ᠬᠠᠮᠢᠶᠠᠷᠤᠯᠲᠠ︔ 6. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ︔ 7᠂ ᠬᠥᠮᠦᠨ ᠬᠡᠷᠡᠭᠯᠡᠬᠦ ᠨᠢᠭᠡᠴᠢ ᠶᠢᠨ ᠬᠦᠴᠢᠷᠳᠡᠯᠲᠡᠶ ᠬᠥᠮᠦᠰ ᠤᠨ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠵᠢᠴᠢ ᠬᠦᠴᠢᠷᠳᠡᠯᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢ ᠬᠢᠨᠠᠨ ᠬᠠᠷᠭᠤᠭᠤᠯᠤᠨ᠎ᠠ︔ 8. ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠨᠣᠮᠧᠷᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 302 ᠠᠯᠪᠠᠨ ᠭᠡᠷ      ᠠᠯᠪᠠᠯᠠᠬᠤ ᠤᠲᠠᠰᠤ᠄ 0473-4020128      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠲᠣᠭᠠᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ 3 ᠳ᠋ᠤᠭᠠᠷ ᠳᠠᠪᠬᠤᠷᠯᠢᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473-4021250      ᠬᠠᠷᠢᠭᠤᠴᠠᠯᠭᠠᠲᠠᠨ ᠤ ᠣᠪᠣᠭ ᠨᠡᠷ᠎ᠡ ᠵᠢᠶᠠ ᠬᠤᠸᠠᠢ ᡁᠢ      ᠭᠤᠷᠪᠠ᠂ ᠳᠣᠣᠷᠠᠬᠢ ᠨᠢᠭᠡᠴᠢ᠄      ︵ᠨᠢᠭᠡ︶ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶᠠᠷᠤᠯᠲᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠂ ᠪᠠᠶᠢᠭᠤᠯᠤᠮᠵᠢ ᠶᠢᠨ ᠬᠡᠮᠵᠢᠶ᠎ᠡ ᠨᠢ ᠵᠢᠩᠬᠢᠨᠢ ᠰᠠᠯᠠᠭᠠᠨ ᠤ ᠲᠠᠰ ᠲᠠᠢ ᠲᠡᠩᠴᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      1. ᠤᠯᠤᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢᠯᠡᠭᠴᠢ ᠪᠣᠯᠤᠨ ᠠᠵᠢᠯ ᠡᠷᠢᠭᠰᠡᠳ ᠲᠤ ᠠᠵᠢᠯ ᠣᠯᠵᠤ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ᠂ ᠡᠷᠬᠢᠯᠡᠭᠰᠡᠨ ᠠᠵᠢᠯ ᠲᠠᠨᠢᠯᠴᠠᠭᠤᠯᠬᠤ᠂ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ᠂ ᠠᠵᠢᠯ ᠣᠯᠭᠤᠬᠤ ᠲᠤᠰᠠᠯᠠᠮᠵᠢ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠵᠡᠷᠭᠡ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠬᠠᠩᠭᠠᠬᠤ ᠬᠡᠷᠡᠭᠲᠡᠶ᠃      2. ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠠᠯᠳᠠᠯᠲᠠ ᠶᠢᠨ ᠳᠠᠭᠠᠳᠬᠠᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠣᠯᠤᠨ ᠦᠬᠠᠶ ᠬᠤᠲᠠ᠂ ᠬᠠᠶᠢᠨᠠᠨ ᠲᠣᠭᠤᠷᠢᠭ ᠤᠨ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ᠂ ᠠᠵᠢᠯ ᠠᠯᠳᠠᠭᠰᠠᠳ ᠤᠨ ᠭᠤᠶᠤᠴᠢᠯᠠᠨ ᠠᠪᠴᠤ ᠳᠠᠩᠰᠠᠯᠠᠬᠤ ᠪᠠ ᠲᠣᠭᠤᠷᠢᠭ ᠤᠨ ᠲᠣᠰ ᠱᠠᠲᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠣᠯᠭᠤᠮᠵᠢ ᠶᠢ ᠬᠠᠷᠭᠤᠭᠤᠯᠤᠨ ᠣᠯᠭᠤᠬᠤ ᠶᠢ ᠬᠠᠷᠢᠭᠤᠴᠠᠨ᠎ᠠ᠃      3. ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠠᠵᠢᠯ ᠣᠯᠭᠤᠯᠲᠠ ᠶᠢᠨ ᠦᠨᠡᠨ ᠨᠡᠷ᠎ᠡ ᠶᠢᠨ ᠳᠦᠷᠢᠮ ᠤᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠦᠨ᠂ ᠪᠥᠬᠦ ᠣᠷᠣᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠴᠠᠭᠠᠯᠲᠠ ᠪᠠ ᠠᠵᠢᠯ ᠣᠯᠭᠤᠯᠲᠠ᠂ ᠠᠵᠢᠯ ᠠᠯᠳᠠᠯᠲᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢ ᠥᠷᠨᠢᠭᠦᠯᠦᠨ᠎ᠡ᠃      4. ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠬᠤ ᠶᠢ ᠬᠠᠷᠢᠭᠤᠴᠠᠵᠤ᠂ ᠪᠥᠬᠦ ᠲᠣᠭᠤᠷᠢᠭ ‍ᠤᠨ‌ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠡᠯ᠎ᠡ ᠲᠥᠷᠥᠯ ᠤᠨ ᠬᠠᠮᠲᠤᠯᠢᠭ ᠤᠨ ᠠᠵᠢᠯ ᠤᠯᠬᠤ ᠪᠠ ᠠᠵᠢᠯ ᠠᠯᠳᠠᠭᠰᠠᠨ ᠢ ᠳᠠᠩᠰᠠᠯᠠᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠬᠤ ᠵᠡᠷᠭᠡ ᠭᠠᠷᠲᠠᠨ ᠭᠦᠢᠴᠡᠳᠬᠡᠬᠦ ᠠᠵᠢᠯ ᠢ ᠥᠷᠨᠢᠭᠦᠯᠦᠨ᠎ᠡ᠃      5. ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠤᠨ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠬᠥᠮᠥᠷᠭᠡ᠂ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ᠂ ᠠᠳᠠᠯ ᠦᠢᠯᠡᠰ ᠴᠣᠭᠴᠠᠯᠠᠬᠤ ᠳᠤ ᠨ᠊ ‍ᠥ᠋ᠬᠦᠪᠥᠷᠢ ᠥᠭᠬᠦ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃      6 ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠣᠯᠤᠨ ᠦᠢᠯᠡᠰ ᠴᠣᠭᠴᠠᠯᠠᠬᠤ ᠪᠣᠯᠪᠠᠰᠤᠷᠠᠯ ᠤᠨ ᠣᠨ ᠤ ᠲᠥᠯᠥᠪᠯᠡᠭᠡ ᠶᠢ ᠲᠣᠭᠲᠠᠭᠠᠪᠠ︔ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠤᠷ᠎ᠠ ᠴᠢᠳᠠᠪᠤᠷᠢ  ᠶᠢᠨ  ᠪᠣᠯᠪᠠᠰᠤᠷᠠᠯ  ᠪᠣᠯᠤᠨ  ᠦᠢᠯᠡᠰ ᠴᠣᠭᠴᠠᠯᠠᠬᠤ  ᠪᠣᠯᠪᠠᠰᠤᠷᠠᠯ  ᠢ  ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      7. ᠠᠵᠢᠯ ᠣᠯᠭᠤᠯᠲᠠ ᠶᠢᠨ ᠳᠡᠮᠵᠢᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠳᠤ ᠲᠤᠰᠠᠯᠠᠮᠵᠢ ᠦᠵᠡᠭᠦᠯᠬᠦ ᠠᠵᠢᠯ ᠢ ᠵᠢᠯᠣᠭᠤᠳᠤᠨ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠨᠡᠶᠢᠭᠡᠮ ᠲᠣᠭᠤᠷᠢᠭ ᠲᠤ ᠠᠵᠢᠯ ᠣᠯᠭᠤᠬᠤ ᠦᠢᠯᠡᠴᠢᠯᠡᠭᠡᠨ ᠤ ᠠᠵᠢᠯ ᠥᠷᠨᠢᠭᠦᠯᠬᠦ ᠶᠢ ᠵᠢᠯᠣᠭᠤᠳᠤᠨ᠎ᠠ︔ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠪᠦᠷᠢᠳᠬᠡᠬᠦ ᠪᠠ ᠵᠠᠳᠠᠯᠬᠤ ᠠᠵᠢᠯ ᠢ ᠬᠠᠷᠢᠭᠤᠴᠠᠨ᠎ᠠ᠃ ᠨᠡᠭᠦᠳᠡᠯ ᠬᠥᠮᠦᠰ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠠᠵᠢᠯᠲᠠᠨ ᠤ ᠶᠠᠪᠤᠳᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠠᠷᠢᠭᠤᠴᠠᠨ᠎ᠠ᠃ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠬᠠᠮᠢᠶᠠᠷᠤᠯᠲᠠ ᠬᠢᠭᠡᠳ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠡᠭᠦᠷᠭᠡᠯᠡᠨ᠎ᠡ᠃      8. ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ  ᠪᠠᠲᠤᠯᠠᠭ᠎ᠠ ᠶᠢᠨ ᠲᠣᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠪᠠᠶᠢᠭᠤᠯᠤᠮᠵᠢ ᠭᠡᠵᠦ ᠪᠠᠶᠢᠬᠤ ᠦᠭᠡᠢ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠲᠣᠭᠠᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ 5 ᠳ᠋ᠤᠭᠠᠷ ᠳᠠᠪᠬᠤᠷᠯᠢᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473 - 4020492      ᠬᠠᠷᠢᠭᠤᠴᠠᠯᠭᠠᠲᠠᠨ ᠤ ᠣᠪᠣᠭ ᠨᠡᠷ᠎ᠡ ᠴᠢ ᠢᠦᠢ ᠵᠦ      ︵ᠬᠤᠶᠠᠷ︶ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠨᠡᠶᠢᠭᠡᠮ ᠤᠨ ᠲᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠦᠪ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠂ ᠪᠠᠶᠢᠭᠤᠯᠤᠮᠵᠢ ᠶᠢᠨ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠲᠠᠰ ᠲᠠᠢ ᠲᠡᠩᠴᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ᠂ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠦᠬᠠᠶ ᠬᠤᠲᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠠᠵᠢᠯ ᠮᠡᠷᠭᠡᠵᠢᠯ ᠤᠨ ᠣᠨ ᠤ ᠮᠥᠩᠭᠦ ᠶᠢ ᠭᠠᠷᠲᠠᠨ ᠭᠦᠢᠴᠡᠳᠬᠡᠬᠦ ᠲᠦᠷᠢᠮ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠣᠷᠣᠯᠴᠠᠵᠤ᠂ ᠪᠥᠬᠦ ᠲᠣᠭᠤᠷᠢᠭ ᠤᠨ ᠨᠡᠶᠢᠭᠡᠮ ᠤᠨ  ᠳᠠᠭᠠᠳᠬᠠᠯ  ᠢ  ᠭᠠᠷᠲᠠᠨ  ᠭᠦᠢᠴᠡᠳᠬᠡᠬᠦ  ᠠᠵᠢᠯ  ᠢ  ᠵᠢᠯᠣᠭᠤᠳᠤᠨ᠎ᠠ᠃      2. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠲᠣᠬᠢᠷᠠᠭᠤᠯᠬᠤ ᠪᠠ ᠬᠤᠪᠢᠶᠠᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠣᠯᠭᠤᠬᠤ ᠬᠡᠷᠡᠭᠲᠡᠶ᠃      3. ᠪᠥᠬᠦ ᠲᠣᠭᠤᠷᠢᠭ ‍ᠤᠨ‌ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠠᠮᠢᠶᠠᠷᠬᠤ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠲᠣᠭᠲᠠᠭᠠᠯ ᠠᠴᠠ ᠵᠥᠷᠢᠴᠡᠨ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ᠂ ᠲᠣᠭᠲᠠᠭᠠᠯ ᠠᠴᠠ ᠵᠥᠷᠢᠴᠡᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠭᠰᠡᠨ ᠵᠡᠷᠭᠡ ᠵᠠᠰᠠᠭ ᠤᠨ ᠶᠠᠪᠤᠳᠠᠯ ᠤᠨ ᠬᠠᠪᠰᠤᠷᠤᠮᠵᠢ ᠶᠢᠨ ᠴᠢᠨᠠᠷᠲᠠᠶ ᠠᠵᠢᠯ ᠢ ᠥᠷᠨᠢᠭᠦᠯᠦᠨ᠎ᠡ᠃      4. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      5. ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ᠂ ᠣᠯᠭᠤᠮᠵᠢ ᠠᠪᠬᠤ ᠬᠢᠷᠢ ᠬᠡᠮ ᠤᠨ ᠭᠡᠷᠡᠴᠢᠯᠡᠯ᠂ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠵᠢᠴᠢ ᠨᠡᠶᠢᠭᠡᠮ ᠤᠨ ᠳᠠᠭᠠᠳᠬᠠᠯ ᠤᠨ ᠪᠠᠷᠢᠮᠵᠢᠶᠠᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃      6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠤᠨ ᠪᠠᠶᠢᠭᠤᠯᠤᠯᠲᠠ ᠳᠤ ᠣᠷᠣᠯᠴᠠᠬᠤ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠲᠣᠮᠣ ᠳ᠋ᠠᠶᠢᠲ᠋ᠠ ᠶᠢᠨ ᠵᠠᠳᠠᠯᠤᠯᠲᠠ ᠪᠠ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠬᠡᠷᠡᠭᠯᠡᠯᠲᠡ ᠵᠢᠴᠢ ᠬᠤᠪᠢ ᠬᠥᠮᠦᠨ ᠤ ᠡᠷᠬᠡ ᠠᠰᠢᠭ ᠢ ᠲᠡᠮᠳᠡᠭᠯᠡᠬᠦ ᠬᠠᠮᠢᠶᠠᠷᠤᠯᠲᠠ ᠶᠢᠨ ᠦᠢᠯᠡᠴᠢᠯᠡᠭᠡ ᠵᠡᠷᠭᠡ ᠠᠵᠢᠯ ᠢ ᠥᠷᠨᠢᠭᠦᠯᠦᠨ᠎ᠡ᠃      7᠂ ᠲᠣᠭᠤᠷᠢᠭ ᠤᠨ ᠲᠣᠰ ᠱᠠᠲᠤᠨ ᠤ ᠦᠨᠳᠦᠰᠦᠨ ᠨᠠᠰᠤᠵᠢᠯ ᠤᠨ ᠠᠰᠠᠷᠠᠮᠵᠢ ᠪᠣᠯᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      8. ᠨᠡᠶᠢᠭᠡᠮ ᠤᠨ ᠳᠠᠭᠠᠳᠬᠠᠯ ᠤᠨ ᠲᠤᠭ᠎ᠠ ᠪᠦᠷᠢᠳᠬᠡᠯ ᠪᠠ ᠨᠠᠷᠢᠯᠢᠭ ᠪᠤᠳᠤᠬᠤ ᠠᠵᠢᠯ ᠢ ᠡᠭᠦᠷᠭᠡᠯᠡᠵᠦ᠂ ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠬᠠᠮᠢᠶ᠎ᠠ ᠪᠥᠬᠦᠶ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃      9. ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠪᠠᠶᠢᠭᠤᠯᠤᠮᠵᠢ ᠭᠡᠵᠦ ᠪᠠᠶᠢᠬᠤ ᠦᠭᠡᠢ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠲᠣᠭᠠᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 4 ᠳ᠋ᠦᠭᠡᠷ ᠳᠠᠪᠬᠤᠷᠯᠢᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473 - 3897917      ᠬᠠᠷᠢᠭᠤᠴᠠᠯᠭᠠᠲᠠᠨ ᠤ ᠣᠪᠣᠭ ᠨᠡᠷ᠎ᠡ ᠵᠠᠩ ᠵᠢᠶᠦ᠋ᠨ      ︵ᠭᠤᠷᠪᠠ︶ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠨᠢᠭᠡᠴᠡ ᠮᠥᠨ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭᠠᠨ ᠤ ᠲᠠᠰ ᠲᠠᠢ ᠲᠡᠩᠴᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄     1. ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠶᠢᠳᠠᠯᠭ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠡᠷ᠎ᠡ ᠪᠠᠷ ᠬᠠᠤᠯᠢ ᠬᠡᠷᠡᠭᠵᠢᠭᠦᠯᠬᠦ ᠬᠡᠷᠡᠭᠲᠡᠶ᠃      2. ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠪᠣᠯᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠬᠡᠪᠴᠢᠶᠡᠨ ᠳᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠢᠴᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠭᠦᠷᠭᠡ ᠴᠢᠳᠠᠪᠤᠷᠢ ᠶᠢ ᠨᠢᠭᠡᠳᠦᠯᠲᠡᠶ ᠬᠡᠷᠡᠭᠵᠢᠭᠦᠯᠦᠨ᠎ᠡ᠃      3. ᠬᠥᠮᠦᠨ ᠬᠡᠷᠡᠭᠯᠡᠬᠦ ᠨᠢᠭᠡᠴᠡ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠪᠠ ᠵᠠᠯᠠᠷᠠᠭᠤᠯᠬᠤ ᠬᠡᠷᠡᠭᠲᠡᠶ᠃      4. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠷᠢᠭᠤᠴᠠᠨ ᠰᠢᠶ᠋ᠳᠪᠦᠷᠢᠯᠡᠨ᠎ᠡ᠃      5. ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠭᠡᠷᠡᠴᠢ ᠠᠪᠬᠤ ᠶᠢᠨ ᠬᠠᠮᠲᠤ ᠬᠤᠯᠪᠣᠭᠳᠠᠯ ᠪᠦᠬᠦᠢ ᠰᠢᠶ᠋ᠳᠪᠦᠷᠢᠯᠡᠬᠦ ᠰᠠᠨᠠᠯ ᠪᠠᠭᠤᠯᠭᠠᠨ᠎ᠠ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠵᠢᠯ ᠳᠤ ᠬᠢᠨᠠᠯᠲᠠ ᠲᠠᠯᠪᠢᠨ ᠪᠠᠶᠢᠴᠠᠭᠠᠵᠤ ᠰᠢᠶ᠋ᠳᠪᠦᠷᠢᠯᠡᠬᠦ ᠶᠢ ᠬᠠᠷᠢᠭᠤᠴᠠᠨ᠎ᠠ᠃      6. ᠲᠤᠰ ᠵᠠᠰᠠᠭ ᠵᠠᠬᠢᠷᠭᠠᠨ ᠤ ᠣᠷᠣᠨ ᠤ ᠬᠥᠳᠡᠯᠮᠦᠷᠢ ᠠᠵᠢᠯᠴᠢᠨ ᠬᠡᠷᠡᠭᠯᠡᠬᠦ ᠶᠢ ᠳᠠᠩᠰᠠᠯᠠᠬᠤ ᠪᠠ ᠬᠠᠮᠲᠤ ᠶᠢᠨ ᠭᠡᠷ᠎ᠡ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ ᠰᠠᠶᠢᠲᠤᠷ ᠬᠢᠬᠦ ᠬᠡᠷᠡᠭᠲᠡᠶ᠃      7. ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠪᠠᠶᠢᠭᠤᠯᠤᠮᠵᠢ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠬᠢᠨᠠᠨ ᠰᠢᠯᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠪᠠᠶᠢᠴᠠᠭᠠᠨ ᠰᠢᠶ᠋ᠳᠪᠦᠷᠢᠯᠡᠬᠦ ᠠᠵᠢᠯ ᠢ ᠰᠠᠶᠢᠲᠤᠷ ᠬᠢᠨ᠎ᠡ᠃      8. ᠠᠵᠢᠯᠴᠢᠨ ᠬᠡᠷᠡᠭᠯᠡᠬᠦ ᠨᠢᠭᠡᠴᠢ ᠶᠢᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠶᠢ ᠲᠠᠰ ᠬᠤᠪᠢᠶᠠᠨ ᠬᠠᠮᠢᠶᠠᠷᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃      9. ᠬᠥᠳᠡᠯᠮᠦᠷᠢ  ᠶᠢᠨ  ᠪᠠᠲᠤᠯᠠᠭ᠎ᠠ  ᠶᠢᠨ  ᠬᠢᠨᠠᠨ  ᠪᠠᠶᠢᠴᠠᠭᠠᠭᠴᠢ ᠶᠢ ᠪᠣᠯᠪᠠᠰᠤᠷᠠᠭᠤᠯᠬᠤ ᠪᠠ  ᠬᠢᠨᠠᠯᠲᠠ  ᠲᠠᠯᠪᠢᠨ᠎ᠠ᠃      10. ᠬᠠᠤᠯᠢ ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠵᠢᠴᠢ ᠳᠡᠭᠡᠳᠦ ᠱᠠᠲᠤᠨ ᠤ ᠲᠤᠰᠢᠶᠠᠭᠰᠠᠨ ᠪᠤᠰᠤᠳ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠪᠠᠶᠢᠭᠤᠯᠤᠮᠵᠢ ᠭᠡᠵᠦ ᠪᠠᠶᠢᠬᠤ ᠦᠭᠡᠢ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠲᠣᠭᠠᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 1 ᠳ᠋ᠦᠭᠡᠷ ᠳᠠᠪᠬᠤᠷᠯᠢᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473-4023000      ᠬᠠᠷᠢᠭᠤᠴᠠᠯᠭᠠᠲᠠᠨ ᠤ ᠣᠪᠣᠭ ᠨᠡᠷ᠎ᠡ ᠵᠠᠩ ᠢ      ︵ᠲᠦᠷᠪᠡ︶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ ︵ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠥᠪ ᠤᠨ ᠫᠠᠶᠢᠰᠠ︶      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠬᠡᠷᠡᠭ ᠡᠷᠬᠢᠯᠡᠬᠦ ᠭᠠᠵᠠᠷ ︵ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠥᠪ ᠤᠨ ᠫᠠᠶᠢᠰᠠ︶ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠰᠲ᠋ᠣᠺ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃      ᠭᠤᠣᠯ ᠡᠭᠦᠷᠭᠡ ᠬᠠᠷᠢᠭᠤᠴᠠᠯᠭ᠎ᠠ᠄      1. ᠪᠦᠬᠦ ᠲᠣᠭᠤᠷᠢᠭ ᠤᠨ ᠠᠵᠤ ᠠᠬᠤᠶᠢᠯᠠᠯ ᠪᠣᠯᠤᠨ ᠪᠠᠶᠢᠭᠤᠯᠭ᠎ᠠ ᠨᠢᠭᠡᠴᠡ ᠶᠢᠨ ᠲᠠᠪᠤᠨ ᠵᠦᠢᠯ ᠤᠨ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠨ ᠬᠠᠮᠢᠶᠠᠷᠬᠤ᠂ ᠰᠦᠢᠳᠬᠡᠯ ᠲᠤᠰᠢᠶᠠᠬᠤ ᠶᠢ ᠮᠡᠳᠡᠭᠦᠯᠬᠦ᠂ ᠰᠠᠭᠤᠷᠢ ᠲᠤᠭ᠎ᠠ ᠶᠢ ᠬᠢᠨᠠᠨ ᠲᠣᠭᠲᠠᠭᠠᠬᠤ᠂ ᠬᠠᠷᠭᠤᠭᠤᠯᠤᠨ ᠪᠠᠶᠢᠴᠠᠭᠠᠵᠤ ᠪᠠᠶᠢᠴᠠᠭᠠᠬᠤ ᠪᠠ ᠳᠠᠭᠠᠳᠬᠠᠯ ᠳᠤ ᠣᠷᠣᠯᠴᠠᠭᠰᠠᠨ ᠬᠠᠷᠢᠴᠠᠭ᠎ᠠ ᠶᠢ ᠬᠤᠪᠢᠷᠠᠭᠤᠯᠬᠤ᠂ ᠰᠢᠯᠵᠢᠭᠦᠯᠬᠦ᠂ ᠦᠷᠭᠦᠯᠵᠢᠯᠡᠭᠦᠯᠬᠦ᠂ ᠬᠦᠴᠦᠨ ᠦᠭᠡᠶ ᠪᠣᠯᠭᠠᠬᠤ ᠵᠢᠴᠢ ᠬᠡᠪᠴᠢᠶ᠎ᠡ ᠶᠢ ᠨᠢ ᠥᠷᠭᠡᠳᠬᠡᠨ ᠬᠢᠨᠠᠨ ᠲᠣᠭᠲᠠᠭᠠᠵᠤ ᠲᠠᠲᠠᠪᠤᠷᠢᠯᠠᠨ ᠲᠤᠰᠢᠶᠠᠬᠤ ᠶᠢ ᠬᠠᠷᠢᠭᠤᠴᠠᠨ᠎ᠠ᠃      2. ᠪᠥᠬᠦ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠡᠳᠡᠭᠡ ᠵᠠᠩᠭᠢ ᠴᠤᠭᠯᠠᠭᠤᠯᠬᠤ᠂ ᠪᠠᠶᠢᠴᠠᠭᠠᠨ ᠯᠠᠪᠯᠠᠬᠤ᠂ ᠠᠮᠢᠯᠠᠭᠤᠯᠬᠤ᠂ ᠰᠢᠯᠵᠢᠭᠦᠯᠬᠦ᠂ ᠠᠰᠠᠭᠤᠳᠠᠯ ᠤᠨ ᠺᠠᠷᠲ ᠢ ᠪᠤᠴᠠᠭᠠᠬᠤ᠂ ᠺᠠᠷᠲ ᠢ ᠬᠦᠴᠦᠨ ᠦᠭᠡᠢ ᠪᠣᠯᠭᠠᠬᠤ᠂ ᠲᠦᠷ ᠴᠠᠭ ᠤᠨ ᠺᠠᠷᠲ ᠢ ᠬᠠᠮᠢᠶᠠᠷᠬᠤ᠂ ᠬᠤᠪᠢᠶᠠᠷᠢ ᠰᠢᠰᠲ᠋ᠧᠮ ᠢ ᠪᠠᠶᠢᠴᠠᠭᠠᠨ ᠯᠠᠪᠯᠠᠬᠤ ᠵᠡᠷᠭᠡ ᠠᠵᠢᠯ ᠢ ᠬᠠᠷᠢᠭᠤᠴᠠᠨ᠎ᠠ᠃      3. ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠪᠠᠶᠢᠭᠤᠯᠤᠮᠵᠢ ᠭᠡᠵᠦ ᠪᠠᠶᠢᠬᠤ ᠦᠭᠡᠢ᠃      ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠯᠣᠣ ᠱᠢ ᠳ᠋ᠠᠨ ᠵᠡᠭᠦᠨ ᠵᠡᠭᠡᠯᠢ ᠶᠢᠨ 12 ᠳ᠋ᠤᠭᠠᠷ ᠲᠣᠭᠠᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ 2 ᠳ᠋ᠤᠭᠠᠷ ᠳᠠᠪᠬᠤᠷᠯᠢᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473 - 4020569      ᠬᠠᠷᠢᠭᠤᠴᠠᠯᠭᠠᠲᠠᠨ ᠤ ᠣᠪᠣᠭ ᠨᠡᠷ᠎ᠡ᠄ ᠰᠢᠤᠸᠠᠢ ᠰᠢᠤ ᠷᠦᠩ      ︵ᠲᠠᠪᠤ︶ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠬᠦᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠯᠳᠤᠭᠠᠨ ᠤ ᠬᠦᠨᠳᠡᠯᠡᠨ ᠲᠠᠰᠤᠯᠤᠯᠲᠠ ᠶᠢᠨ ᠬᠤᠷᠢᠶ᠎ᠠ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠪᠣᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠰᠲ᠋ᠣᠺ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠲᠠᠢ ᠲᠡᠩᠴᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      1. ᠬᠠᠷᠢᠶ᠎ᠠ ᠣᠷᠣᠨ ᠤ ᠳᠣᠲᠣᠷᠠᠬᠢ ᠬᠥᠮᠦᠨ ᠬᠡᠷᠡᠭᠯᠡᠬᠦ ᠨᠢᠭᠡᠴᠢ ᠳᠤ ᠡᠭᠦᠰᠦᠭᠰᠡᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠵᠥᠪᠯᠡᠯᠭᠡ ᠶᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠢ ᠬᠠᠷᠢᠭᠤᠴᠠᠨ᠎ᠠ᠃      ᠡᠶᠡᠳᠡᠭᠦᠯᠬᠦ ᠳᠤ ᠣᠷᠣᠯᠴᠠᠬᠤ ᠪᠠ ᠬᠥᠨᠳᠡᠯᠡᠨ ᠠᠴᠠ ᠲᠠᠰᠤᠯᠬᠤ ᠳᠤ ᠣᠷᠣᠯᠴᠠᠬᠤ ᠬᠥᠳᠡᠯᠮᠦᠷᠢ ᠠᠵᠢᠯᠲᠠᠨ ᠤ ᠶᠠᠪᠤᠳᠠᠯ ᠤᠨ ᠭᠡᠨᠡᠳᠲᠡ ᠡᠭᠦᠰᠬᠦ ᠪᠠ ᠨᠡᠶᠢᠲᠡ ᠴᠣᠭᠴᠠ ᠶᠢᠨ ᠬᠡᠷᠡᠭ ᠬᠢᠭᠡᠳ ᠬᠦᠴᠢᠷ ᠲᠦᠪᠡᠭᠲᠡᠶ ᠬᠦᠨᠳᠦ ᠶᠡᠭᠡ ᠬᠡᠷᠡᠭ      3. ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠠᠯ᠎ᠠ ᠪᠠᠷ ᠬᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢ ᠬᠦᠯᠢᠶᠡᠨ ᠠᠪᠤᠨ᠎ᠠ᠃       4. ᠠᠵᠤ ᠠᠬᠤᠶᠢᠯᠠᠯ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠺᠣᠮᠢᠰ ᠤᠨ ᠠᠵᠢᠯ ᠥᠷᠨᠢᠭᠦᠯᠬᠦ ᠶᠢ ᠵᠢᠯᠣᠭᠤᠳᠤᠨ᠎ᠠ᠃      5. ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠪᠠᠶᠢᠭᠤᠯᠤᠮᠵᠢ ᠶᠢᠨ ᠲᠣᠬᠢᠷᠠᠭᠤᠯᠤᠯᠲᠠ᠄ ᠳᠣᠲᠣᠭᠠᠳᠤ ᠪᠠᠶᠢᠭᠤᠯᠤᠮᠵᠢ ᠭᠡᠵᠦ ᠪᠠᠶᠢᠬᠤ ᠦᠭᠡᠢ᠃      ᠬᠠᠶ᠋ᠢᠭ᠄ ᠬᠠᠶᠢᠨᠠᠨ ᠲᠣᠭᠤᠷᠢᠭ ᠤᠨ ᠪᠠᠶᠠᠨᠤᠰᠤ ᠵᠡᠭᠡᠯᠢ ᠶᠢᠨ ᠳᠠᠯᠠᠢ ᠶᠢᠨ ᠴᠠᠬᠢᠯᠭᠠᠨ ᠤ ᠠᠮᠢᠳᠤᠷᠠᠯ ᠤᠨ ᠬᠦᠷᠢᠶᠡᠯᠡᠩ ᠤᠨ ᠵᠡᠭᠦᠨ ᠬᠤᠶᠢᠲᠤ ᠲᠠᠯ᠎ᠠ ᠳᠤ ᠪᠠᠷᠤᠭ 80 ᠮᠧᠳ᠋ᠷ ᠪᠠᠶᠢᠵᠤ᠂ ᠲᠠᠪᠤᠳᠤᠭᠠᠷ ᠠᠰᠠᠷ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠲᠠᠰᠤᠭ      ᠰᠢᠦᠳᠠᠨ ᠨᠣᠮᠧᠷ᠄ 016030      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠠᠷᠭ᠎ᠠ᠄ 0473 - 40251830473 - 4025187      ᠬᠠᠷᠢᠭᠤᠴᠠᠯᠭᠠᠲᠠᠨ ᠤ ᠣᠪᠣᠭ ᠨᠡᠷ᠎ᠡ᠄ ᠬᠠᠨ ᠠᠢ ᠵᠢᠩ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号