3 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠪᠦᠦ ᠴᠧᠩ ᠲᠤᠰᠬᠠᠢ | ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ 2025 ᠣᠨ ᠤ ᠪᠦᠬᠦ ᠲᠤᠭᠤᠷᠢᠭ ᠤᠨ ︽ᠵᠢᠷᠭᠤᠭᠠᠨ | ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ | ᠲᠣᠭᠤᠷᠢᠭ ᠤᠨ ᠤᠳᠤᠷᠢᠳᠤᠯᠭ᠎ᠠ ᠯᠢ ᠨᠠ᠂ ᠱᠢ ᠯᠢ ᠴᠢᠶᠠᠩ᠂ ᠰᠢᠤ ᠹᠠᠩ᠂ ᠯᠢᠦ ᠵᠢᠶᠠᠨ ᠫᠢᠩ᠂ ᠯᠢᠦ ᠲᠢᠶᠠᠨ ᠴᠢᠩ᠂ | ᠸᠠᠩ ᠶᠦᠩ ᠱᠧᠩ᠂ ᠶᠠᠩ ᠽᠧ ᠢᠦᠢ ᠣᠷᠣᠯᠴᠠᠪᠠ᠃ | ᠬᠤᠷᠠᠯ ᠠᠴᠠ᠂ ᠪᠦᠬᠦ ᠲᠤᠭᠤᠷᠢᠭ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ︽ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢᠨ ᠬᠠᠷᠠᠯᠲᠠ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠷᠢᠯᠢᠬᠵᠢᠭᠤᠯᠤᠨ | ᠲᠡᠭᠦᠯᠳᠡᠷᠵᠢᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠬᠠᠷᠠᠯᠲᠠ ᠡᠭᠦᠷᠭᠡ ᠶᠢ ᠡᠮᠬᠢ ᠴᠡᠭᠴᠡ ᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠠᠵᠢᠯ ᠤᠨ ᠰᠠᠶᠢᠨ ᠰᠠᠶᠢᠬᠠᠨ ᠠᠮᠵᠢᠯᠲᠠ ᠪᠦᠲᠦᠮᠵᠢ ᠪᠠᠷ ᠪᠦᠬᠦ ᠵᠢᠯ ᠤᠨ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠶᠢ | ᠳᠤᠪᠤᠶᠢᠯᠭᠠᠵᠤ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ ᠶᠢ ᠭᠦᠨᠵᠡᠭᠡᠶᠢᠷᠡᠭᠦᠯᠵᠦ᠂ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠦᠨ ᠠᠬᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠤᠰᠤ ᠠᠷᠪᠢᠯᠠᠬᠤ | ᠠᠵᠢᠯᠯᠠᠭ᠎ᠠ ᠶᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠦᠨᠡᠨ ᠪᠣᠳᠠᠲᠠᠢ ᠠᠷᠭ᠎ᠠ | ᠬᠡᠮᠵᠢᠶ᠎ᠡ ᠪᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠦᠨᠡᠨ ᠬᠦ ᠱᠠᠯᠠᠪᠳᠠᠭᠤᠯᠤᠨ ᠪᠣᠳᠠᠲᠠᠢ | ᠬᠠᠷᠭᠤᠭᠤᠯᠵᠤ᠂ ᠭᠤᠯᠳᠤ ᠴᠢᠭᠯᠡᠯ ᠢᠶᠠᠷ ᠴᠡᠷᠢᠭ ᠬᠤᠪᠢᠶᠠᠨ ᠪᠣᠭᠤᠮᠲᠠ ᠰᠠᠬᠢᠵᠤ᠂ ᠵᠠᠩᠭᠢᠯᠠᠭ᠎ᠠ ᠶᠢᠨ ᠴᠡᠭ ᠢᠶᠠᠷ | ᠳᠠᠩᠰᠠ ᠬᠠᠷᠭᠤᠭᠤᠯᠬᠤ ᠪᠠᠷ ᠪᠠᠷᠠᠬᠤ ᠦᠭᠡᠢ ᠪᠠᠰᠠ ᠬᠥᠨᠳᠡᠯᠡᠨ ᠲᠠᠯ᠎ᠠ ᠪᠠᠷ ᠵᠣᠬᠢᠴᠠᠭᠤᠯᠤᠨ ᠬᠠᠮᠲᠤᠷᠠᠯᠴᠠᠵᠤ᠂ | ᠨᠢᠭᠲᠠ ᠵᠣᠯᠭᠠᠭᠤᠯᠵᠤ᠂ ᠰᠣᠯᠪᠢᠴᠠᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠯᠬᠤᠮ ᠬᠤᠪᠢᠶᠠᠨ ᠠᠬᠢᠭᠤᠯᠬᠤ | ᠠᠵᠢᠯ ᠤᠨ ᠪᠠᠶᠢᠳᠠᠯ ᠢ ᠢᠮᠠᠭᠲᠠ ᠪᠠᠲᠤᠯᠠᠬᠤ ᠬᠡᠷᠡᠭᠲᠡᠢ ᠭᠡᠵᠡᠢ᠃ |