ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠳᠡᠭᠡᠳᠦ ᠱᠠᠲᠤᠨ ᠤ ᠨᠠᠮ ᠤᠨ ᠬᠤᠷᠢᠶᠠᠨ ᠤ ︽2024 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠪᠠ ᠨᠠᠮ ᠤᠨ | ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠶᠠᠨᠲᠣᠬᠤᠶ | ᠪᠠᠯᠭᠠᠰᠤᠨ ᠤ ᠰᠧ ᠰᠢᠨ ᠲᠣᠰᠬᠤᠨ ᠤ ᠨᠠᠮ ᠤᠨ ᠶᠡᠷᠦᠩᠬᠡᠶ ᠡᠭᠦᠷ ᠢ 3 ᠰᠠᠷ᠎ᠠ ᠶᠢᠨ 13 ᠤ ᠡᠳᠦᠷ 2024 ᠣᠨ ᠤ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢᠨ ᠬᠠᠮᠲᠤ | ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠠᠵᠢᠯ ᠢ ᠥᠷᠨᠢᠭᠦᠯᠪᠡ᠃ | ᠬᠤᠷᠠᠯ ᠳᠡᠭᠡᠷ᠎ᠡ᠂ ᠰᠧ ᠰᠢᠨ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠯᠢᠦ ᠮᠢᠩ ᠢ 2024 | ᠣᠨ ᠤ ᠠᠵᠢᠯ ᠤᠨ ᠪᠠᠶᠢᠳᠠᠯ ᠢ ᠮᠡᠳᠡᠭᠦᠯᠬᠦ ᠶᠢᠨ ᠬᠠᠮᠲᠤ ᠨᠠᠮ ᠤᠨ ᠡᠭᠦᠷ ᠤᠨ ᠤᠳᠤᠷᠢᠳᠬᠤ ᠪᠠᠭ ᠤᠨ ᠠᠰᠠᠭᠤᠳᠠᠯ ᠢ | ᠪᠠᠶᠢᠴᠠᠭᠠᠨ ᠳᠡᠯᠭᠡᠵᠦ ᠪᠠᠶᠢᠭ᠎ᠠ ᠪᠠᠶᠢᠳᠠᠯ ᠢ ᠮᠡᠳᠡᠭᠦᠯᠪᠡ᠃ ᠪᠥᠬᠦ ᠨᠠᠮ ᠤᠨ ᠭᠡᠰᠢᠭᠦᠨ ᠨᠠᠮ ᠤᠨ ᠲᠦᠷᠢᠮ ᠳᠤ | ᠲᠣᠭᠲᠠᠭᠠᠭᠰᠠᠨ ᠨᠠᠮ ᠤᠨ ᠭᠡᠰᠢᠭᠦᠨ ᠤ ᠪᠠᠷᠢᠮᠵᠢᠶ᠎ᠠ ᠲᠠᠢ ᠬᠠᠷᠢᠴᠠᠭᠤᠯᠤᠨ᠂ ᠲᠡᠷᠢᠭᠦᠨ ᠤ ᠨᠡᠶᠢᠲᠡᠯᠢᠭ ᠵᠢᠱᠢᠶ᠎ᠡ᠂ | ᠳᠡᠷᠭᠡᠳᠡᠬᠢ ᠥᠯᠢᠭᠡᠷ ᠳᠠᠭᠤᠷᠢᠶᠠᠯ ᠲᠠᠢ ᠬᠠᠷᠢᠴᠠᠭᠤᠯᠵᠤ᠂ ᠲᠣᠰ ᠪᠡᠶ᠎ᠡ ᠶᠢᠨ ᠰᠤᠷᠤᠯᠴᠠᠯᠭ᠎ᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠳᠥᠷᠪᠡᠨ ᠲᠠᠯ᠎ᠠ ᠶᠢᠨ ᠲᠣᠭᠤᠷᠢᠨ ᠳᠤ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠨᠢᠭᠡᠳ ᠨᠢᠭᠡ ᠪᠠᠷ ᠥᠷᠨᠢᠭᠦᠯᠵᠦ᠂ ᠣᠨᠣᠯ ᠤᠨ ᠳᠤᠲᠠᠭᠤᠳᠠᠯ᠂ ᠠᠵᠢᠯ ᠤᠨ ᠪᠠᠭᠤᠷᠠᠶ ᠲᠠᠯ᠎ᠠ ᠶᠢ | ᠡᠷᠢᠬᠦ ᠪᠠᠷ ᠪᠠᠷᠠᠬᠤ ᠥᠬᠡᠶ ᠪᠠᠰᠠ ᠦᠵᠡᠯ ᠰᠠᠨᠠᠭᠠᠨ ᠤ ᠵᠥᠷᠢᠶ᠎ᠡ᠂ ᠰᠤᠷᠲᠠᠯ ᠤᠨ ᠬᠦᠷᠦᠯᠴᠡᠬᠦ ᠥᠬᠡᠶ ᠲᠠᠯ᠎ᠠ ᠶᠢ | ᠡᠷᠢᠵᠦ᠂ ᠬᠠᠷᠢᠯᠴᠠᠨ ᠰᠠᠨᠠᠭᠤᠯᠬᠤ᠂ ᠬᠠᠮᠲᠤ ᠪᠠᠷ ᠳᠡᠭᠡᠭᠰᠢᠯᠡᠭᠦᠯᠬᠦ ᠦᠷ᠎ᠡ ᠪᠦᠲᠦᠮᠵᠢ ᠶᠢ ᠦᠨᠡᠨ ᠬᠦ ᠪᠡᠶᠡᠯᠡᠭᠦᠯᠪᠡ᠃ | ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠠᠷᠠᠳᠴᠢᠯᠠᠯ ᠢᠶᠠᠷ ᠦᠨᠡᠯᠡᠯᠲᠡ ᠬᠢᠪᠡ᠃ | ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠮᠧᠩ ᠰᠢᠶᠠᠨ ᠯᠢᠶᠠᠩ | ᠦᠨᠡᠯᠡᠯᠲᠡ ᠶᠢᠨ ᠶᠠᠷᠢᠶᠠᠨ ᠳᠠᠭᠠᠨ᠂ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ | ᠪᠡᠯᠡᠳᠬᠡᠯ ᠭᠦᠢᠴᠡᠳ᠂ ᠭᠤᠤᠯ ᠰᠡᠳᠦᠪ ᠲᠣᠳᠣᠷᠬᠠᠶ᠂ ᠭᠤᠤᠯᠳᠠᠯᠭ᠎ᠠ ᠲᠣᠪᠤᠶᠢᠮ᠎ᠠ᠂ ᠲᠠᠰ ᠳᠠᠷᠠᠭᠠᠯᠠᠯ ᠴᠢᠩᠭ᠎ᠠ᠂ | ᠬᠡᠯᠪᠡᠷᠢ ᠵᠢᠷᠤᠮᠵᠢᠯ ᠲᠠᠢ᠃ ᠲᠡᠷᠡ ᠴᠢᠬᠤᠯᠠᠴᠢᠯᠠᠭᠰᠠᠨ ᠨᠢ᠄ ᠨᠢᠭᠡ ᠳᠤ᠂ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃ ᠤᠯᠤᠰ ᠲᠦᠷᠦ ᠶᠢᠨ ᠤᠨᠤᠯ ᠤᠨ | ᠰᠤᠷᠤᠯᠴᠠᠯᠭ᠎ᠠ ᠶᠢ ᠴᠢᠩᠭᠠᠳᠬᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠪᠠᠶᠢᠩᠭᠤᠵᠢᠭᠤᠯᠤᠭᠰᠠᠨ ᠨᠠᠮ ᠤᠨ | ᠭᠡᠰᠢᠭᠦᠨ ᠤ ᠰᠤᠷᠤᠯᠴᠠᠯᠭ᠎ᠠ ᠬᠥᠮᠦᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠳᠠᠳᠬᠠᠯ ᠢ ᠪᠤᠢ | ᠪᠣᠯᠭᠠᠵᠤ᠂ ᠤᠬᠠᠮᠰᠠᠷ ᠢ ᠪᠤᠢ ᠪᠣᠯᠭᠠᠵᠤ᠂ ᠤᠨᠤᠯ ᠤᠨ ᠪᠣᠯᠪᠠᠰᠤᠷᠠᠯ ᠪᠣᠯᠤᠨ ᠮᠡᠳᠡᠯᠭᠡ ᠶᠢᠨ ᠨᠥᠭᠡᠴᠡ ᠶᠢ | ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠮᠡᠳᠡᠯᠭᠡ ᠪᠠᠷ ᠦᠢᠯᠡ ᠠᠵᠢᠯᠯᠠᠭ᠎ᠠ ᠶᠢ ᠠᠬᠢᠭᠤᠯᠬᠤ᠂ ᠮᠡᠳᠡᠬᠦᠶ | ᠬᠢᠬᠦᠶ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠭᠰᠠᠨ ᠰᠠᠭᠤᠷᠢᠨ ᠳᠡᠭᠡᠷ᠎ᠡ᠂ | ᠰᠡᠳᠬᠢᠬᠦᠶ ᠶᠢᠨ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠬᠤᠪᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠷᠭᠦᠯᠵᠢᠯᠡᠨ ᠲᠠᠷᠢᠬᠢ ᠲᠣᠯᠣᠭᠠᠶ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ᠃ ᠬᠤᠶᠠᠷ ᠲᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠡᠴᠦᠰ ᠤᠨ ᠵᠣᠷᠢᠯᠭ᠎ᠠ ᠨᠢ ᠬᠠᠰᠢᠯᠠ ᠪᠠᠶᠢᠴᠠᠭᠠᠨ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠪᠤᠳᠠᠯ ᠪᠣᠯᠤᠨ᠎ᠠ᠃ ᠭᠤᠷᠪᠠ ᠳᠤ᠂ ᠴᠠᠭ ᠲᠤᠬᠠᠶ ᠳᠤᠨᠢ | ᠬᠤᠷᠢᠶᠠᠩᠭᠤᠶᠢᠯᠠᠨ ᠡᠮᠬᠢᠯᠡᠵᠦ᠂ ᠬᠤᠷᠠᠯ ᠤᠨ ᠳᠠᠷᠠᠭ᠎ᠠ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠮᠡᠳᠡᠭᠳᠡᠯ ᠳᠤ ᠳᠡᠭᠡᠭᠰᠢ ᠮᠡᠳᠡᠭᠦᠯᠬᠦ ᠮᠠᠲ᠋ᠧᠷᠢᠶᠠᠯ ᠤᠨ | ᠬᠠᠮᠢᠶ᠎ᠠ ᠪᠦᠬᠦᠢ ᠠᠭᠤᠯᠭ᠎ᠠ ᠲᠠᠢ ᠵᠦᠢᠯ ᠳᠠᠷᠠᠭᠠᠯᠠᠨ ᠬᠠᠷᠭᠤᠭᠤᠯᠵᠤ᠂ ᠲᠤᠰ ᠤᠳᠠᠭᠠᠨ ᠤ ᠬᠤᠷᠠᠯ ᠤᠨ ᠪᠢᠴᠢᠭ | ᠮᠠᠲ᠋ᠧᠷᠢᠶᠠᠯ ᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠯᠡᠬᠦ ᠬᠡᠷᠡᠭᠲᠡᠶ᠃ | ᠪᠠᠶᠠᠨᠲᠤᠬᠤᠢ ᠪᠠᠯᠭᠠᠰᠤᠨ ᠤ ᠳᠡᠳ᠋ ᠳᠠᠷᠤᠭ᠎ᠠ ᠶᠠᠩ ᠶᠢᠨ ᠪᠥᠸᠧ᠂ ᠨᠠᠮ ᠤᠨ ᠡᠭᠦᠷ ᠲᠤᠰ ᠤᠳᠠᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠢᠨ᠎ᠡ ᠡᠬᠢᠯᠡᠯᠲᠡ᠂ ᠰᠢᠨ᠎ᠡ ᠭᠠᠷᠤᠭ᠎ᠠ ᠪᠣᠯᠭᠠᠵᠤ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠂ ᠨᠢᠭᠡ ᠳᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠨᠳᠦᠰᠦᠨ | ᠱᠠᠲᠤᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ︔ ᠬᠤᠶᠠᠷ ᠲᠤ᠂ | ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ ᠢ ᠵᠢᠷᠤᠮᠵᠢᠭᠤᠯᠵᠤ᠂ ᠨᠠᠮ ᠤᠨ ᠪᠠᠶᠢᠭᠤᠯᠤᠯᠲᠠ᠂ ᠤᠬᠠᠭᠤᠯᠭ᠎ᠠ ᠦᠵᠡᠯ | ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠲᠠᠯ᠎ᠠ ᠪᠠᠷ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ | ᠤᠨᠤᠯ ᠤᠨ ᠬᠡᠪ ᠪᠣᠯᠪᠠᠰᠤᠷᠠᠯ ᠪᠣᠯᠤᠨ ᠶᠡᠷᠦᠩᠬᠡᠶᠢᠯᠡᠭᠰᠡᠨ ᠴᠢᠳᠠᠪᠤᠷᠢ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︔ | ᠭᠤᠷᠪᠠ ᠳᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠪᠤᠯᠵᠢᠯᠠᠨ | ᠪᠠᠶᠢᠴᠠᠭᠠᠨ ᠰᠤᠳᠤᠯᠤᠯᠲᠠ ᠬᠢᠵᠦ᠂ ᠠᠷᠠᠳ ᠤᠨ ᠠᠮᠢᠳᠤᠷᠠᠯ ᠠᠷᠠᠳ ᠤᠨ ᠰᠠᠨᠠᠭ᠎ᠠ ᠶᠢ ᠰᠣᠨᠣᠰᠴᠤ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ | ᠴᠢᠳᠠᠮᠵᠢ ᠶᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠬᠦᠴᠢᠷ | ᠶᠠᠪᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ |