ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠡᠭᠡᠯᠢ ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠵᠡᠭᠡᠯᠢ ᠭᠤᠳᠤᠮᠵᠢ ᠶᠢᠨ ᠬᠢᠨ 2 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠷᠠᠰᠢᠵᠦᠩ ᠤᠨ ᠬᠦᠴᠦᠨ ᠴᠢᠳᠠᠯ ᠢᠶᠠᠨ ᠡᠷᠭᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠬᠢᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠳᠠᠮᠵᠢᠭᠤᠯᠬᠤ ᠲᠣᠪᠴᠢ ᠶᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠭᠡᠬᠦ ᠴᠢᠬᠤᠯᠠ ᠵᠣᠬᠢᠶᠠᠯ ︽ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ︾᠂ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠶᠢ ᠨᠠᠷᠢᠨ ᠬᠢᠨᠠᠮᠠᠭᠠᠢ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠪᠡᠯᠡᠳᠬᠡᠬᠦ ᠪᠠᠷ ᠲᠥᠯᠥᠪᠯᠡᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠰᠡᠳᠬᠢᠯ ᠲᠠᠯᠪᠢᠨ ᠬᠦᠴᠦᠯᠡᠨ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号