ᠯᠢᠦ ᠪᠦᠦ ᠴᠧᠩ ᠬᠠᠶᠢᠨᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠠᠶᠢᠨᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠤᠳᠤᠷᠢᠳᠤᠯᠭ᠎ᠠ ᠯᠢ ᠰᠢᠶᠤᠤ ᠴᠢᠩ᠂ ᠶᠣᠣ ᠷᠦᠩ ᠪᠢᠶᠤᠤ᠂ ᠯᠢ ᠨᠠ᠂ ᠱᠢ ᠯᠢ ᠴᠢᠶᠠᠩ᠂ ᠮᠠ ᠺᠠᠢ᠂ ᠵᠠᠩ ᠽᠧ ᠢᠦᠢ᠂ ᠯᠢᠦ ᠵᠢᠶᠠᠨ ᠫᠢᠩ᠂ ᠯᠢᠦ ᠲᠢᠶᠠᠨ ᠴᠢᠩ᠂ ᠸᠠᠩ ᠶᠦᠩ ᠱᠧᠩ᠂ ᠶᠠᠩ ᠽᠧ ᠢᠦᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠪᠰᠤᠷᠤᠨ ᠲᠡᠳᠬᠦᠬᠦ ᠵᠢᠯᠣᠭᠤᠳᠬᠤ ᠲᠤᠬᠠᠢ ᠶᠢᠨ ᠲᠠᠯᠠᠪᠠᠢ ᠳᠤ ᠢᠯᠡᠷᠡᠭᠦᠯᠦᠭᠰᠡᠨ ᠠᠰᠠᠭᠤᠳᠠᠯ︾ ᠤᠨ ᠰᠡᠷᠡᠮᠵᠢ ᠶᠢᠨ ᠹᠢᠯᠢᠮ ᠢ ᠦᠵᠡᠵᠦ᠂ ᠤᠳᠠᠭ᠎ᠠ ᠪᠦᠷᠢ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠨᠢᠭᠤᠴᠠ ᠪᠠᠷ ᠰᠤᠷᠪᠤᠯᠵᠢᠯᠠᠭᠰᠠᠨ ᠹᠢᠯᠢᠮ᠂ 2024 ᠣᠨ ᠤ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠲᠤᠰᠬᠠᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠭᠰᠠᠨ ᠪᠠᠶᠢᠳᠠᠯ ᠵᠢᠴᠢ ᠬᠠᠶᠢᠨᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠤᠭᠰᠠᠨ᠂ ︽ᠤᠨᠢᠨ ᠳᠡᠭᠡᠷ᠎ᠡ ᠨᠢ ᠳᠦᠷᠰᠦ ᠵᠢᠷᠤᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠵᠡᠷᠭᠡ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠪᠣᠯᠤᠨ ᠡᠭᠦᠷᠭᠡ ᠶᠢ ᠦᠨᠡᠨᠬᠦ ᠴᠢᠩᠭ᠎ᠠ ᠠᠳᠬᠤᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠷᠴᠢᠨ ᠲᠣᠭᠤᠷᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠨ ᠲᠦᠷ ᠴᠠᠭ ᠤᠨ ᠠᠵᠤ ᠠᠬᠤᠢ ᠶᠢᠨ ᠨᠡᠮᠡᠭᠳᠡᠯ ᠢ ᠰᠣᠯᠢᠬᠤ ᠶᠢ ᠡᠷᠡᠰ ᠲᠠᠶᠠᠭᠳᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ᠂ ᠦᠨᠳᠦᠰᠦᠨ ᠠᠴᠠ ᠨᠢ ᠵᠠᠰᠠᠬᠤ ᠪᠤᠳᠤᠯᠭ᠎ᠠ ᠭᠠᠷᠭᠠᠵᠤ᠂ ᠦᠵᠡᠰᠬᠦᠯᠡᠩᠲᠦ ᠰᠠᠶᠢᠬᠠᠨ ᠬᠠᠶᠢᠨᠠᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠦᠩᠭᠡ ᠶᠢ ᠵᠤᠵᠠᠭᠠᠳᠬᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠤᠳᠠᠭ᠎ᠠ ᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠭᠠᠷᠳᠠᠴᠠ ᠪᠣᠯᠭᠠᠵᠤ᠂ ︽ᠲᠠᠪᠤᠨ ᠣᠷᠣᠨ ᠨᠢᠭᠡ ᠭᠤᠣᠯ︾ ᠢ ᠭᠦᠨᠵᠡᠭᠡᠢ ᠬᠤᠯᠪᠣᠭᠠᠯᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠪᠣᠯᠤᠨ ᠨᠤᠲᠤᠭ ᠪᠡᠯᠴᠢᠭᠡᠷ ᠣᠶᠢᠲᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠲᠣᠭᠤᠰᠣ ᠰᠢᠷᠣᠢ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠭᠤᠷᠬᠠᠢ ᠶᠢ ᠶᠡᠷᠦᠩᠬᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠲᠣᠭᠤᠷᠢᠭ ᠢᠶᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠢᠭᠲᠠ ᠬᠠᠮᠵᠢᠯᠴᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠡᠭᠦᠨ ᠤ ᠬᠠᠮᠲᠤ ᠲᠤᠰ ᠤᠳᠠᠭ᠎ᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠴᠢᠬᠤᠯᠠ ᠴᠢᠨᠠᠷ ᠪᠣᠯᠤᠨ ᠲᠥᠪ ᠴᠢᠩᠭ᠎ᠠ ᠴᠢᠨᠠᠷ ᠢ ᠰᠡᠷᠭᠡᠭ ᠢᠶᠠᠷ ᠲᠠᠨᠢᠵᠤ᠂ ᠭᠤᠷᠪᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ  ᠢᠶᠠᠨ  ᠰᠠᠶᠢᠲᠤᠷ  ᠬᠢᠬᠦ  ᠬᠡᠷᠡᠭᠲᠡᠢ  ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号